︵ᠰᠤᠷᠪᠤᠯᠵᠢᠯᠠᠭᠴᠢ ᠮᠢᠶᠣᠣ ᠰᠢᠨ︶ ᠣᠶᠢᠷ᠎ᠠ ᠳᠤ᠂ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ᠪᠦᠬᠦ ᠬᠤᠳᠠ ᠶᠢᠨ ᠶᠠᠳᠠᠭᠤᠷᠠᠬᠤ ᠠᠴᠠ ᠰᠡᠷᠭᠡᠶᠢᠯᠡᠬᠦ ᠳᠠᠭᠠᠳᠬᠠᠯ ᠤᠨ ᠠᠵᠢᠯ ᠢ | ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ | ᠪᠣᠯᠣᠨ ᠬᠤᠳᠠ ᠶᠢᠨ ᠳᠡᠰ ᠤᠨ ᠳᠠᠭᠠᠳᠬᠠᠯ ᠤᠨ ᠺᠣᠮᠫᠠᠨᠢ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ | ᠣᠷᠣᠯᠴᠠᠪᠠ᠃ | ᠬᠤᠷᠠᠯ ᠠᠴᠠ ᠪᠦᠬᠦ ᠬᠤᠳᠠ ᠶᠢᠨ ᠶᠠᠳᠠᠭᠤᠷᠠᠬᠤ ᠠᠴᠠ ᠰᠡᠷᠭᠡᠶᠢᠯᠡᠬᠦ ᠳᠠᠭᠠᠳᠬᠠᠯ ᠤᠨ ᠠᠵᠢᠯ ᠢ | ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠳᠠᠷᠠᠭᠠᠴᠢ ᠶᠢᠨ ᠠᠯᠬᠤᠮ ᠤᠨ ᠠᠵᠢᠯ ᠤᠨ ᠭᠤᠣᠯᠳᠠᠯᠭ᠎ᠠ ᠶᠢ | ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ ᠴᠢᠬᠤᠯᠠᠴᠢᠯᠠᠭᠰᠠᠨ ᠨᠢ᠂ ᠶᠠᠳᠠᠭᠤᠷᠠᠬᠤ ᠠᠴᠠ ᠰᠡᠷᠭᠡᠶᠢᠯᠡᠬᠦ | ᠳᠠᠭᠠᠳᠬᠠᠯ ᠪᠣᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠬᠤ᠂ ᠨᠠᠭᠠᠲᠤ ᠵᠠᠬ᠎ᠠ ᠶᠢ ᠪᠠᠲᠤᠯᠠᠬᠤ ᠠᠷᠠᠳ ᠤᠨ | ᠠᠮᠢᠳᠤᠷᠠᠯ ᠤᠨ ᠢᠨᠵᠧᠨᠧᠷᠢᠩ ᠮᠥᠨ᠂ ︽ᠮᠡᠳᠡᠬᠦ ᠨᠣᠷᠮ᠎ᠠ᠂ ᠳᠠᠭᠠᠳᠬᠠᠯ ᠳᠤ ᠣᠷᠣᠯᠴᠠᠬᠤ ᠨᠣᠷᠮ᠎ᠠ᠂ ᠲᠥᠯᠥᠬᠦ | ᠨᠣᠷᠮ᠎ᠠ︾ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠬᠤᠲᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ᠶᠢᠨ ᠲᠥᠯᠦᠪᠵᠢᠭᠦᠯᠭᠡ ᠶᠢᠨ ᠡᠳ᠋ ᠤᠨ ᠶᠠᠪᠤᠳᠠᠯ ᠤᠨ ᠰᠠᠯᠠᠭ᠎ᠠ ᠨᠢ ᠬᠤᠰᠢᠭᠤ ᠰᠢᠶᠠᠨ | ᠲᠣᠭᠤᠷᠢᠭ᠂ ᠳᠠᠭᠠᠳᠬᠠᠯ ᠤᠨ ᠺᠣᠮᠫᠠᠨᠢ ᠲᠠᠢ ᠬᠠᠷᠢᠯᠴᠠᠵᠤ ᠵᠥᠪᠳᠡᠯᠴᠡᠬᠦ ᠲᠣᠭᠲᠠᠴᠠ ᠪᠠᠶᠢᠭᠤᠯᠵᠤ᠂ ᠭᠠᠷᠠᠭ ᠢᠶᠠᠷ | ᠲᠣᠬᠢᠷᠠᠭᠤᠯᠬᠤ᠂ ᠰᠠᠷ᠎ᠠ ᠪᠠᠷ ᠮᠡᠳᠡᠭᠡᠯᠡᠬᠦ᠂ ᠬᠠᠭᠠᠰ ᠵᠢᠯ ᠤᠨ ᠬᠢᠨᠠᠨ ᠰᠢᠯᠭᠠᠯᠲᠠ ᠳᠤ ᠣᠷᠣᠭᠤᠯᠬᠤ ᠵᠡᠷᠭᠡ ᠬᠡᠯᠪᠡᠷᠢ ᠶᠢ | ᠠᠪᠴᠤ ᠶᠠᠳᠠᠭᠤᠷᠠᠬᠤ ᠠᠴᠠ ᠰᠡᠷᠭᠡᠶᠢᠯᠡᠬᠦ ᠳᠠᠭᠠᠳᠬᠠᠯ ᠤᠨ ᠠᠵᠢᠯ ᠤᠨ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ | ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠳᠠᠭᠠᠳᠬᠠᠯ ᠤᠨ ᠺᠣᠮᠫᠠᠨᠢ ᠨᠢ ᠬᠤᠰᠢᠭᠤ ᠰᠢᠶᠠᠨ ᠤ ᠬᠤᠪᠢᠶᠠᠷᠢ | ᠺᠣᠮᠫᠠᠨᠢ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠵᠢᠯ ᠲᠥᠷᠥᠯ ᠢ | ᠠᠬᠢᠭᠤᠯᠵᠤ᠂ ᠭᠤᠣᠯᠳᠠᠯᠭ᠎ᠠ ᠶᠢ ᠠᠩᠬᠠᠷᠤᠨ᠂ ᠲᠠᠰ ᠳᠠᠷᠠᠭᠠᠯᠠᠯ ᠢ ᠳᠥᠭᠦᠮᠴᠢᠯᠡᠵᠦ᠂ ᠤᠬᠠᠭᠤᠯᠭ᠎ᠠ ᠪᠠᠨ | ᠴᠢᠩᠭᠠᠳᠬᠠᠨ᠂ ᠨᠡᠪᠲᠡᠷᠡᠯᠴᠡᠭᠡ ᠪᠠᠨ ᠴᠢᠩᠭᠠᠳᠬᠠᠵᠤ᠂ ︽ᠡᠬᠡ ᠮᠥᠩᠭᠦ ᠪᠠᠨ ᠪᠠᠲᠤᠯᠠᠨ ᠥᠴᠥᠬᠡᠨ ᠠᠰᠢᠭ ᠣᠯᠬᠤ︾ | ᠵᠠᠷᠴᠢᠮ ᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ ᠨᠢ | ᠪᠣᠯᠪᠠᠰᠤᠷᠠᠭᠤᠯᠤᠯ ᠤᠨ ᠬᠤᠷᠠᠯ ᠡᠷᠬᠢᠯᠡᠬᠦ᠂ ᠲᠣᠭᠲᠠᠭᠰᠠᠨ ᠬᠤᠭᠤᠴᠠᠭ᠎ᠠ ᠲᠠᠢ ᠰᠢᠮᠳᠠᠭᠤᠯᠤᠨ ᠪᠠᠶᠢᠴᠠᠭᠠᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢᠶᠠᠩ ᠪᠠᠯᠭᠠᠰᠤ ᠲᠣᠰᠬᠤᠨ ᠤ ᠺᠠᠳ᠋ᠷᠴᠤᠳ ᠤᠨ ᠠᠵᠢᠯ ᠤᠨ ᠢᠳᠡᠪᠬᠢᠵᠢᠯ ᠢ | ᠳᠠᠶᠢᠴᠢᠯᠠᠵᠤ᠂ ᠶᠠᠳᠠᠭᠤᠷᠠᠬᠤ ᠠᠴᠠ ᠰᠡᠷᠭᠡᠶᠢᠯᠡᠬᠦ ᠳᠠᠭᠠᠳᠬᠠᠯ ᠤᠨ ᠡᠯ᠎ᠡ ᠵᠦᠢᠯ ᠤᠨ ᠠᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠡᠢ᠃ | ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ |