ᠨᠢᠳᠦᠨ ᠤ ᠡᠷᠡᠭᠦᠯ ᠮᠡᠨᠳᠦ ᠳᠤ ᠠᠩᠬᠠᠷᠤᠯ ᠢᠶᠠᠨ ᠬᠠᠨᠳᠤᠭᠤᠯᠤᠶ᠎ᠠ — ᠴᠢᠩ ᠱᠦᠢ ᠾᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠥᠪᠥᠷ ᠮᠣᠩᠭᠤᠯ ᠤᠨ ᠴᠤᠤ ᠵᠢᠦᠢ ᠨᠢᠳᠦᠨ ᠤ ᠡᠮᠨᠡᠯᠭᠡ  ᠶᠢᠨ ᠬᠤᠷᠢᠶ᠎ᠠ ᠲᠠᠢ ᠬᠠᠮᠲᠤᠷᠠᠨ 28 ᠳ᠋ᠤᠭᠠᠷ ᠪᠦᠬᠦ ᠤᠯᠤᠰ ᠤᠨ ︽ᠨᠢᠳᠦ ᠪᠠᠨ ᠬᠠᠶᠢᠷᠠᠯᠠᠬᠤ ᠡᠳᠦᠷ︾ ᠤᠨ ᠤᠬᠠᠭᠤᠯᠭ᠎ᠠ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/6
     ᠡᠨᠡ ᠵᠢᠯ ᠤᠨ 6 ᠳ᠋ᠤᠭᠠᠷ ᠰᠠᠷ᠎ᠠ ᠶᠢᠨ 6 ᠤ ᠡᠳᠦᠷ ᠪᠣᠯ 28 ᠳ᠋ᠤᠭᠠᠷ ᠪᠥᠬᠦ ᠤᠯᠤᠰ ᠤᠨ ︽ᠨᠢᠳᠦ ᠪᠠᠨ ᠬᠠᠶᠢᠷᠠᠯᠠᠬᠤ ᠡᠳᠦᠷ︾ ᠪᠣᠯᠣᠨ᠎ᠠ᠃ᠣᠯᠠᠨ ᠲᠦᠮᠡᠨ ᠤ ᠨᠢᠳᠦ ᠪᠠᠨ ᠬᠠᠶᠢᠷᠠᠯᠠᠵᠤ ᠨᠢᠳᠦ ᠪᠠᠨ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠥᠪ ᠣᠨᠣᠪᠴᠢᠲᠠᠶ ᠡᠪᠡᠳᠴᠢᠨ ᠦᠵᠡᠭᠦᠯᠬᠦ ᠣᠨᠣᠯᠵᠢᠬᠤᠨ ᠢ ᠬᠥᠮᠥᠵᠢᠭᠦᠯᠦᠨ᠂ ᠨᠢᠳᠦᠨ ᠤ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠶᠢᠨ ᠲᠤᠰᠠᠳᠠ᠂ ᠣᠶᠢᠷ᠎ᠠ ᠳᠤ᠂ ᠴᠢᠩ ᠱᠦᠢ ᠾᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠥᠪᠥᠷ ᠮᠣᠩᠭᠤᠯ ᠤᠨ ᠴᠤᠤ ᠵᠢᠦᠢ ᠨᠢᠳᠦᠨ ᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ︽ᠨᠢᠳᠦᠨ ᠤ ᠡᠷᠡᠭᠦᠯ ᠮᠡᠨᠳᠦ ᠳᠤ ᠠᠩᠬᠠᠷᠤᠯ ᠢᠶᠠᠨ ᠬᠠᠨᠳᠤᠭᠤᠯᠤᠶ᠎ᠠ︾ ᠭᠡᠬᠦ ᠭᠤᠣᠯ ᠰᠡᠳᠦᠪᠲᠦ ᠪᠥᠬᠦ ᠤᠯᠤᠰ ᠤᠨ ︽ᠨᠢᠳᠦ ᠪᠠᠨ ᠬᠠᠶᠢᠷᠠᠯᠠᠬᠤ ᠡᠳᠦᠷ︾ ᠤᠨ ᠤᠬᠠᠭᠤᠯᠭ᠎ᠠ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃
     ᠣᠷᠴᠢᠮ ᠤᠨ ᠵᠢᠯ ᠤᠳ ᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠲᠦᠷᠭᠡᠨ ᠢᠶᠠᠷ ᠬᠥᠭᠵᠢᠵᠦ᠂ ᠤᠯᠠᠮ ᠠᠴᠠ ᠤᠯᠠᠮ ᠤᠯᠠᠨ ᠡᠯᠧᠺᠲᠷᠣᠨ ᠪᠦᠲᠦᠭᠡᠭᠳᠡᠬᠦᠨ ᠬᠥᠮᠥᠰ ᠤᠨ ᠠᠮᠢᠳᠤᠷᠠᠯ ᠳᠤ ᠣᠷᠣᠵᠤ᠂ ᠨᠢᠳᠦ ᠬᠡᠷᠡᠭᠯᠡᠬᠦ ᠴᠠᠭ ᠤᠯᠠᠮ ᠢᠶᠠᠷ ᠨᠡᠮᠡᠭᠳᠡᠬᠦ ᠶᠢ ᠳᠠᠭᠠᠯᠳᠤᠨ᠂ ᠵᠠᠯᠠᠭᠤ ᠪᠠᠭᠠᠴᠤᠳ ᠤᠨ ᠣᠶᠢᠷ᠎ᠠ ᠬᠠᠷᠠᠭ᠎ᠠ ᠡᠳᠦᠷ ᠢᠷᠡᠬᠦᠶ᠎ᠡ ᠢᠯᠡᠷᠬᠡᠢ ᠪᠣᠯᠵᠤ᠂ ᠬᠡᠦᠬᠡᠳ᠂ ᠨᠠᠰᠤᠲᠠᠶᠢᠴᠤᠳ ᠵᠡᠷᠭᠡ ᠭᠤᠣᠯᠳᠠᠯᠭ᠎ᠠ ᠲᠠᠢ ᠬᠥᠮᠥᠰ ᠤᠨ ᠰᠢᠨᠵᠢᠯᠡᠬᠦ ᠤᠬᠠᠭᠠᠨᠴᠢ ᠪᠠᠷ ᠨᠢᠳᠦ ᠬᠡᠷᠡᠭᠯᠡᠬᠦ ᠤᠬᠠᠮᠰᠠᠷ ᠪᠠ ᠨᠢᠳᠦᠨ ᠤ ᠡᠷᠡᠭᠦᠯᠵᠢᠯ ᠤᠨ ᠰᠢᠨᠵᠢᠯᠡᠬᠦ ᠤᠬᠠᠭᠠᠨ ᠤ ᠮᠡᠳᠡᠯᠭᠡ ᠶᠢ ᠬᠡᠷᠬᠢᠨ ᠳᠡᠭᠡᠭᠰᠢᠯᠡᠭᠦᠯᠬᠦ ᠶᠠᠪᠤᠳᠠᠯ ᠨᠡᠩ ᠲᠤᠯᠭᠠᠮ᠎ᠠ ᠱᠠᠭᠠᠷᠳᠠᠭᠳᠠᠵᠤ ᠪᠠᠶᠢᠨ᠎ᠠ᠃      ᠠᠵᠢᠯᠯᠠᠭ᠎ᠠ ᠶᠢᠨ ᠲᠤᠬᠠᠢ ᠶᠢᠨ ᠡᠳᠦᠷ᠂ ᠥᠪᠥᠷ ᠮᠣᠩᠭᠤᠯ ᠤᠨ ᠴᠤᠤ ᠵᠢᠦᠢ ᠨᠢᠳᠦᠨ ᠤ ᠡᠮᠨᠡᠯᠭᠡ ᠶᠢᠨ ᠬᠤᠷᠢᠶᠠᠨ ᠤ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠰᠬᠠᠢ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ︽ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠡᠷᠡᠭᠯᠡᠬᠦ᠂ ᠬᠢᠵᠠᠭᠠᠯᠠᠰᠢ ᠦᠭᠡᠢ ᠭᠤᠶᠢᠳᠠ ᠰᠠᠶᠢᠬᠠᠨ︾ᠭᠡᠬᠦ ᠭᠤᠣᠯ ᠰᠡᠳᠦᠪ ᠢᠶᠠᠷ ᠲᠤᠰ ᠲᠤᠰ ᠴᠧᠩ ᠭᠤᠸᠠᠨ ᠪᠠᠯᠭᠠᠰᠤᠨ ᠤ ᠨᠢᠭᠡᠳᠦᠭᠡᠷ ᠪᠠᠭ᠎ᠠ ᠰᠤᠷᠭᠠᠭᠤᠯᠢ᠂ ᠢ ᠹᠦ᠋ ᠪᠠᠭ᠎ᠠ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠳᠤ ᠨᠢᠳᠦᠨ ᠤ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠡᠢ᠃ ᠡᠭᠦᠨ ᠤ ᠬᠠᠮᠲᠤ ᠸᠧᠨ ᠪᠥᠸᠧ ᠠᠭᠤᠳᠠᠮ ᠲᠠᠯᠠᠪᠠᠶ ᠳᠤ ᠨᠢᠳᠦᠨ ᠤ ᠰᠠᠯᠠᠭᠠᠨ ᠤ ᠪᠠᠶᠢᠩᠭᠤ ᠲᠣᠬᠢᠶᠠᠯᠳᠤᠳᠠᠭ ᠡᠪᠡᠳᠴᠢᠨ ᠤ ᠲᠤᠬᠠᠢ ᠠᠰᠠᠭᠤᠨ ᠯᠠᠪᠯᠠᠬᠤ᠂ ᠬᠠᠷᠠᠭ᠎ᠠ ᠶᠢ ᠰᠢᠭᠰᠢᠨ ᠪᠠᠶᠢᠴᠠᠭᠠᠬᠤ᠂ ᠠᠰᠠᠭᠤᠵᠤ ᠣᠨᠣᠰᠢᠯᠠᠬᠤ ᠪᠠ ᠡᠷᠡᠭᠦᠯ ᠮᠡᠨᠳᠦ ᠶᠢᠨ ᠬᠥᠮᠦᠵᠢᠯ ᠬᠢᠵᠦ᠂ ᠨᠢᠳᠦᠨ ᠤ ᠡᠪᠡᠳᠴᠢᠨ᠂ ᠴᠠᠭᠠᠨ ᠬᠠᠷᠠᠩ᠂ ᠴᠡᠩᠬᠡᠷ ᠬᠠᠷᠠᠩ᠂ ᠰᠣᠷᠮᠤᠤᠰᠤ ᠤᠷᠪᠠᠭ᠋ᠤ ᠵᠡᠷᠭᠡ ᠪᠠᠶᠢᠩᠭᠤ ᠲᠣᠬᠢᠶᠠᠯᠳᠤᠳᠠᠭ ᠨᠢᠳᠦᠨ ᠤ ᠡᠪᠡᠳᠴᠢᠨ ᠤ ᠡᠯ᠎ᠡ ᠵᠦᠢᠯ ᠤᠨ ᠠᠰᠠᠭᠤᠳᠠᠯ ᠢ ᠬᠦᠯᠢᠴᠡᠩᠭᠦᠢ ᠨᠢᠮᠪᠠᠢ ᠲᠠᠶᠢᠯᠪᠤᠷᠢᠯᠠᠨ᠂ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠴᠢᠩ ᠱᠦᠢ ᠾᠧ ᠰᠢᠶᠠᠨ ᠤ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠨ  ᠬᠢᠨ ᠭᠤᠣᠯᠳᠠᠯᠭ᠎ᠠ  ᠲᠠᠢ ᠬᠥᠮᠥᠰ ᠪᠣᠯᠣᠨ ᠭᠤᠣᠯᠳᠠᠯᠭ᠎ᠠ ᠲᠠᠢ ᠨᠢᠳᠦᠨ ᠤ ᠡᠪᠡᠳᠴᠢᠨ ᠳᠤ ᠴᠢᠭᠯᠡᠭᠦᠯᠦᠨ᠂ ᠳᠣᠣᠷ᠎ᠠ ᠬᠠᠷᠠᠭ᠎ᠠ ᠶᠢ ᠰᠡᠷᠭᠡᠶᠢᠯᠡᠨ ᠵᠠᠰᠠᠬᠤ ᠮᠡᠳᠡᠯᠭᠡ ᠶᠢ ᠲᠦᠭᠡᠮᠡᠯᠵᠢᠭᠦᠯᠵᠦ᠂ ᠳᠣᠣᠷ᠎ᠠ ᠬᠠᠷᠠᠭ᠎ᠠ ᠲᠠᠢ ᠡᠪᠡᠳᠴᠢᠲᠡᠨ ᠢ ᠬᠠᠪᠰᠤᠷᠤᠨ ᠵᠥᠪ ᠣᠨᠣᠪᠴᠢᠲᠠᠢ ᠡᠮᠨᠡᠨ ᠵᠠᠰᠠᠬᠤ ᠪᠠ ᠡᠷᠡᠭᠦᠯᠵᠢᠭᠦᠯᠬᠦ ᠠᠷᠭ᠎ᠠ ᠶᠢ ᠡᠵᠡᠮᠰᠢᠭᠦᠯᠵᠦ᠂ ᠤᠯᠠᠨ ᠲᠦᠮᠡᠨ ᠳᠤ ᠨᠢᠳᠦᠨ ᠤ ᠡᠷᠡᠭᠦᠯᠵᠢᠯ ᠤᠨ ᠦᠢᠯᠡᠴᠢᠯᠡᠭᠡ ᠬᠠᠩᠭᠠᠵᠤ᠂ ᠤᠯᠠᠨ ᠲᠦᠮᠡᠨ ᠤ ᠨᠢᠳᠦ ᠪᠠᠨ ᠬᠡᠷᠡᠭᠯᠡᠬᠦ ᠰᠠᠶᠢᠨ ᠰᠠᠶᠢᠬᠠᠨ ᠳᠠᠳᠬᠠᠯ ᠢ ᠬᠥᠮᠥᠵᠢᠭᠦᠯᠵᠦ᠂ ᠨᠢᠳᠦᠨ ᠤ ᠡᠪᠡᠳᠴᠢᠨ ᠤ ᠡᠭᠦᠰᠬᠦ ᠨᠤᠷᠮ᠎ᠠ ᠪᠠ ᠰᠣᠬᠤᠷᠠᠭᠤᠯᠬᠤ ᠨᠤᠷᠮ᠎ᠠ ᠶᠢ ᠪᠠᠭᠤᠷᠠᠭᠤᠯᠵᠤ᠂ ᠠᠷᠠᠳ ᠤᠯᠠᠨ ᠳᠤ ᠪᠦᠬᠦ ᠨᠠᠰᠤᠨ ᠤ ᠪᠠ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢ ᠬᠠᠮᠤᠷᠤᠭᠰᠠᠨ ᠨᠢᠳᠦᠨ ᠤ ᠡᠷᠡᠭᠦᠯ ᠮᠡᠨᠳᠦ ᠶᠢᠨ ᠦᠢᠯᠡᠴᠢᠯᠡᠭᠡ ᠶᠢ ᠦᠨᠡᠨ ᠬᠦ ᠬᠠᠩᠭᠠᠬᠤ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1