ᠵᠢᠦ ᠼᠠᠢ ᠵᠤᠸᠠᠩ ᠰᠢᠶᠠᠩ 2023 ᠣᠨ ᠤ ᠰᠢᠶᠠᠩ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 6 6 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/7
     5 ᠳ᠋ᠤᠭᠠᠷ ᠰᠠᠷ᠎ᠠ ᠶᠢᠨ 24  ᠤ ᠦᠳᠡ ᠶᠢᠨ ᠬᠤᠶᠢᠨ᠎ᠠ᠂ ᠵᠢᠦ ᠼᠠᠢ ᠵᠤᠸᠠᠩ ᠰᠢᠶᠠᠩ 2023 ᠣᠨ ᠤ ᠰᠢᠶᠠᠩ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠵᠢᠷᠭᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠵᠤ᠂ ᠬᠤᠷᠠᠯ ᠢ ᠰᠢᠶᠠᠩ ᠤᠨ ᠨᠠᠮ ᠤᠨ ᠬᠤᠷᠢᠶ᠎ᠠ ᠶᠢᠨ ᠱᠦᠵᠢ ᠸᠠᠩ ᠶᠦᠨ ᠹᠥ᠋ᠩ ᠡᠷᠬᠢᠯᠡᠵᠦ᠂ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠨᠢᠭᠡ ᠲᠣᠪᠴᠢᠶ᠎ᠠ ᠬᠤᠶᠠᠷ ᠲᠥᠪ ᠤᠨ ᠬᠠᠷᠢᠭᠤᠴᠠᠯᠭᠠᠲᠠᠨ᠂ ᠠᠯᠪᠠᠨ ᠭᠡᠷ ᠤᠨ ᠠᠵᠢᠯᠲᠠᠳ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ ᠬᠠᠮᠲᠤ ᠣᠯᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ︽ᠦᠨᠡᠨ︾ ᠰᠡᠳᠬᠦᠯ ᠳᠤ ᠨᠡᠶᠢᠲᠡᠯᠡᠭᠰᠡᠨ ᠴᠢᠬᠤᠯᠠ ᠵᠣᠬᠢᠶᠠᠯ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠶᠠᠷᠢᠶ᠎ᠠ︾᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠱᠠᠨᠰᠢ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠾᠧᠪᠸᠢ ᠶᠢᠨ ᠰᠢᠶᠦ᠋ᠩ ᠠᠨ ᠰᠢᠨ᠎ᠡ ᠲᠣᠭᠤᠷᠢᠭ ᠲᠤ ᠰᠢᠨᠵᠢᠯᠡᠨ ᠪᠠᠶᠢᠴᠠᠭᠠᠬᠤ ᠶᠢᠨ ᠬᠠᠮᠲᠤ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠣᠷᠣᠯᠴᠠᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠶᠠᠷᠢᠶ᠎ᠠ  ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠡᠭᠦᠨ ᠤ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠰᠢᠰᠲ᠋ᠧᠮ ᠲᠠᠢ ᠰᠤᠷᠤᠯᠴᠠᠵᠤ᠂ ᠣᠨᠣᠪᠴᠢᠲᠠᠢ ᠣᠶᠢᠯᠠᠭᠠᠵᠤ᠂ ᠵᠣᠭᠰᠣᠴᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠤᠬᠠᠮᠰᠠᠷ ᠠᠴᠠ ᠪᠠᠨ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠴᠤ᠂ ᠠᠵᠢᠯ ᠢᠶᠠᠨ ᠠᠬᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ ᠪᠠ ᠤᠯᠠᠨ ᠲᠦᠮᠡᠨ ᠤ ᠳᠡᠷᠭᠡᠳᠡᠬᠢ ︽ᠵᠠᠩᠭᠢᠯᠠᠭ᠎ᠠ ᠶᠢᠨ ᠪᠠᠭ᠎ᠠ ᠶᠠᠪᠤᠳᠠᠯ︾  ᠢ ᠰᠠᠶᠢᠲᠤᠷ ᠠᠳᠬᠤᠬᠤ ᠶᠢ ᠤᠶᠠᠯᠳᠤᠭᠤᠯᠵᠤ᠂ ᠰᠤᠷᠲᠠᠯ ᠢᠶᠠᠨ ᠬᠤᠪᠢᠷᠠᠭᠤᠯᠬᠤ᠂ ᠠᠷᠠᠳ ᠤᠨ ᠵᠣᠪᠠᠭᠤᠷᠢ ᠶᠢ ᠰᠢᠢᠳᠪᠦᠷᠢᠯᠡᠬᠦ᠂ ᠪᠣᠳᠠᠲᠠᠢ ᠶᠠᠪᠤᠳᠠᠯ ᠬᠢᠬᠦ᠂ ᠬᠥᠭᠵᠢᠯᠲᠡ ᠶᠢ ᠠᠬᠢᠭᠤᠯᠬᠤ ᠶᠢ ᠲᠠᠰᠤᠷᠠᠯᠲᠠ ᠦᠭᠡᠢ ᠠᠬᠢᠭᠤᠯᠵᠤ᠂ ᠵᠢᠦ ᠼᠠᠢ ᠵᠤᠸᠠᠩ ᠰᠢᠶᠠᠩ ᠤᠨ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1