︵ᠰᠤᠷᠪᠤᠯᠵᠢᠯᠠᠭᠴᠢ ᠮᠢᠶᠣᠣ ᠴᠢᠩ︶ 6 ᠳ᠋ᠤᠭᠠᠷ ᠰᠠᠷ᠎ᠠ ᠶᠢᠨ 7 ᠤ ᠡᠳᠦᠷ ᠠᠴᠠ 9 ᠤ ᠡᠳᠦᠷ ᠪᠣᠯᠲᠠᠯᠠᠬᠢ | ᠪᠥᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠳᠤ ᠮᠠᠨ ᠤ | ᠬᠤᠲᠠ ᠶᠢᠨ ᠬᠤᠲᠠ ᠶᠢᠨ ᠲᠣᠭᠤᠷᠢᠭ ᠲᠤ ᠨᠡᠶᠢᠲᠡ 20 ᠰᠢᠯᠭᠠᠯᠲᠠ ᠶᠢᠨ ᠴᠡᠭ ᠭᠠᠷᠭᠠᠵᠠᠢ᠂ ᠰᠢᠯᠭᠠᠭᠤᠯᠤᠭᠴᠢ | ᠨᠢᠭᠡᠪᠦᠷᠢ ᠶᠢᠨ ᠰᠢᠯᠭᠠᠯᠲᠠ ᠶᠢᠨ ᠴᠡᠭ ᠲᠤ ᠤᠷᠤᠭᠰᠢᠲᠠᠢ ᠢᠷᠡᠵᠦ ᠶᠠᠪᠤᠬᠤ ᠶᠢ ᠪᠠᠲᠤᠯᠠᠬᠤ ᠶᠢᠨ ᠲᠥᠯᠥᠭᠡ᠂ 6 | ᠳ᠋ᠤᠭᠠᠷ ᠰᠠᠷ᠎ᠠ ᠶᠢᠨ 5 ᠤ ᠡᠳᠦᠷ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠪᠥᠬᠦ ᠬᠤᠲᠠ ᠶᠢᠨ | ᠤᠯᠤᠰ ᠤᠨ ᠰᠢᠯᠭᠠᠯᠲᠠ ᠳᠤ ᠣᠷᠣᠯᠴᠠᠬᠤ ᠰᠤᠷᠤᠭᠴᠢ ᠵᠢᠴᠢ ᠭᠡᠷ ᠤᠨ ᠠᠬᠠᠮᠠᠳ ᠲᠤ ᠵᠠᠬᠢᠳᠠᠯ ᠪᠢᠴᠢᠵᠦ ᠨᠡᠶᠢᠲᠡᠯᠡᠨ | ᠂ ᠰᠢᠯᠭᠠᠭᠤᠯᠤᠭᠴᠢ ᠵᠢᠴᠢ ᠭᠡᠷ ᠤᠨ ᠠᠬᠠᠮᠠᠳ ᠲᠤ ᠬᠡᠳᠦᠨ ᠶᠠᠪᠤᠵᠤ ᠰᠠᠭᠤᠬᠤ ᠰᠠᠨᠠᠭᠤᠯᠤᠮᠵᠢ ᠥᠭᠭᠦᠭᠰᠡᠨ ᠪᠠᠶᠢᠨ᠎ᠠ᠃ | | ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠰᠢᠯᠭᠠᠭᠤᠯᠤᠭᠴᠢ ᠪᠣᠯᠣᠨ ᠭᠡᠷ ᠤᠨ ᠠᠬᠠᠮᠠᠳ ᠲᠤ | ᠰᠠᠨᠠᠭᠤᠯᠬᠤ ᠨᠢ᠄ ᠵᠠᠮ ᠬᠠᠷᠢᠯᠴᠠᠭᠠᠨ ᠤ ᠲᠦᠭᠵᠢᠷᠡᠯ ᠭᠠᠷᠴᠤ ᠮᠡᠳᠡᠬᠦ ᠪᠥᠭᠡᠳ ᠡᠯ᠎ᠡ ᠰᠢᠯᠭᠠᠯᠲᠠ ᠶᠢᠨ ᠴᠡᠭ ᠤᠨ | ᠡᠷᠬᠢᠨ ᠲᠣᠭᠤᠷᠢᠨ ᠤ ᠲᠡᠷᠭᠡ ᠵᠣᠭᠰᠣᠬᠤ ᠪᠠᠶᠢᠷᠢ ᠨᠢ ᠬᠢᠵᠠᠭᠠᠷ ᠲᠠᠢ ᠪᠣᠯᠬᠤᠷ ᠰᠢᠯᠭᠠᠭᠤᠯᠤᠭᠴᠢ ᠡᠷᠬᠡᠪᠰᠢ | ᠤᠷᠢᠳᠴᠢᠯᠠᠨ ᠭᠡᠷ ᠠᠴᠠ ᠪᠠᠨ ᠭᠠᠷᠬᠤ ᠬᠡᠷᠡᠭᠲᠡᠢ᠂ ᠳᠤᠭᠤᠢ ᠲᠡᠷᠭᠡ ᠤᠨᠤᠬᠤ᠂ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ᠂ ᠣᠶᠢᠷ᠎ᠠ ᠬᠠᠪᠢ ᠪᠠᠷ ᠶᠠᠪᠠᠭᠠᠨ ᠢᠶᠠᠷ ᠶᠠᠪᠤᠬᠤ ᠵᠡᠷᠭᠡ ᠠᠷᠭ᠎ᠠ | ᠮᠠᠶ᠋ᠢᠭ ᠢᠶᠠᠷ ᠰᠢᠯᠭᠠᠯᠲᠠ ᠶᠢᠨ ᠴᠡᠭ ᠲᠤ ᠢᠷᠡᠵᠦ ᠶᠠᠪᠤᠵᠤ ᠶᠢᠨ ᠬᠠᠮᠲᠤ ᠵᠠᠮ ᠬᠠᠷᠢᠯᠴᠠᠭᠠᠨ ᠤ ᠠᠶᠤᠯᠭᠦᠢ ᠶᠢ ᠵᠠᠪᠠᠯ | ᠠᠩᠬᠠᠷᠬᠤ ᠬᠡᠷᠡᠭᠲᠡᠢ᠃ | ᠰᠢᠯᠭᠠᠭᠤᠯᠤᠭᠴᠢ ᠶᠢ ᠬᠦᠷᠭᠡᠵᠦ ᠲᠣᠰᠬᠤ ᠲᠡᠷᠭᠡᠨ ᠤ ᠡᠵᠡᠨ ᠰᠢᠯᠭᠠᠭᠤᠯᠤᠭᠴᠢ ᠶᠢᠨ ᠰᠢᠯᠭᠠᠭᠤᠯᠬᠤ | ᠵᠥᠪᠰᠢᠶᠡᠷᠡᠯ ᠤᠨ ᠦᠨᠡᠮᠯᠡᠯ ᠢ ᠠᠪᠴᠤ ᠥᠪᠥᠷ ᠮᠣᠩᠭᠤᠯ ᠤᠨ ᠪᠠᠩᠬᠢ᠂ ᠣᠶᠢᠷ᠎ᠠ ᠬᠠᠪᠢ ᠶᠢᠨ ᠳᠣᠲᠣᠭᠠᠳᠤ ᠶᠢ | ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠶᠢᠨ ᠬᠠᠷᠠᠭᠤᠯ ᠤᠨ ᠮᠤᠬᠤᠯᠠᠭ ᠲᠤ ᠣᠴᠢᠬᠤ ᠪᠤᠶᠤ 0471 ︱ | 6698293 ᠤᠲᠠᠰᠤ ᠪᠠᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠤᠬᠠᠭᠤᠯᠬᠤ ᠰᠠᠯᠠᠭ᠎ᠠ ᠲᠠᠢ ᠬᠠᠷᠢᠯᠴᠠᠵᠤ ︽ᠨᠣᠭᠤᠭᠠᠨ ᠲᠣᠷᠭᠠᠨ ᠪᠦᠰᠡ︾ | ᠠᠪᠴᠤ ᠪᠣᠯᠣᠨ᠎ᠠ᠃ ᠰᠢᠯᠭᠠᠯᠲᠠ ᠶᠢᠨ ᠬᠤᠭᠤᠴᠠᠭᠠᠨ ᠳᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ︽ᠨᠣᠭᠤᠭᠠᠨ ᠲᠣᠷᠭᠠᠨ ᠪᠦᠰᠡ︾ ᠲᠠᠢ ᠲᠡᠷᠭᠡ ᠬᠥᠰᠬᠡ ᠶᠢᠨ | ᠨᠡᠪᠲᠡᠷᠡᠬᠦ ᠳᠤ ᠲᠥᠬᠦᠮ ᠦᠵᠡᠭᠦᠯᠬᠦ ᠪᠣᠯᠣᠨ᠎ᠠ᠃ | ᠵᠠᠮ ᠬᠠᠷᠢᠯᠴᠠᠭᠠᠨ ᠤ ᠲᠦᠭᠵᠢᠷᠡᠯ᠂ ᠠᠶᠤᠯᠭᠦᠢ ᠶᠢᠨ ᠠᠳᠡᠯ ᠵᠡᠷᠭᠡ ᠰᠢᠯᠭᠠᠭᠤᠯᠤᠭᠴᠢ ᠶᠢᠨ ᠰᠢᠯᠭᠠᠯᠲᠠ ᠶᠢᠨ | ᠲᠠᠯᠠᠪᠤᠷ ᠲᠤ ᠴᠠᠭ ᠲᠠᠭᠠᠨ ᠬᠦᠷᠬᠦ ᠶᠢ ᠨᠥᠯᠥᠭᠡᠯᠡᠵᠦ ᠮᠡᠳᠡᠬᠦ ᠪᠠᠴᠢᠮ ᠪᠠᠶᠢᠳᠠᠯ ᠭᠠᠷᠪᠠᠯ᠂ 110 ᠬᠡᠷᠡᠭ ᠮᠡᠳᠡᠭᠦᠯᠬᠦ | ᠤᠲᠠᠰᠤ ᠶᠢ ᠵᠠᠯᠭᠠᠬᠤ ᠪᠤᠶᠤ ᠣᠶᠢᠷ᠎ᠠ ᠬᠠᠪᠢ ᠶᠢᠨ ᠵᠠᠮ ᠬᠠᠷᠢᠯᠴᠠᠭᠠᠨ ᠤ ᠴᠠᠭᠳᠠᠭ᠎ᠠ ᠠᠴᠠ ᠲᠤᠰᠠᠯᠠᠮᠵᠢ ᠭᠤᠶᠣᠵᠤ | ᠪᠣᠯᠣᠨ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠴᠠᠭ ᠲᠤᠬᠠᠢ ᠳᠤᠨᠢ | ᠰᠢᠯᠭᠠᠭᠤᠯᠤᠭᠴᠢ ᠳᠤ ᠬᠠᠪᠰᠤᠷᠤᠯᠭ᠎ᠠ ᠦᠵᠡᠭᠦᠯᠦᠨ᠎ᠡ᠃ | ᠰᠢᠯᠭᠠᠭᠤᠯᠤᠭᠴᠢ ᠠᠯᠢ ᠴᠢᠳᠠᠬᠤ ᠪᠠᠷ ᠰᠢᠯᠭᠠᠯᠲᠠ ᠶᠢᠨ ᠲᠠᠯᠠᠪᠤᠷ ᠲᠤ ᠤᠷᠢᠳᠴᠢᠯᠠᠨ ᠣᠷᠣᠵᠤ᠂ | ᠰᠢᠯᠭᠠᠭᠤᠯᠤᠭᠴᠢ ᠵᠢᠴᠢ ᠭᠡᠷ ᠤᠨ ᠠᠬᠠᠮᠠᠳ ᠰᠢᠯᠭᠠᠯᠲᠠ ᠶᠢᠨ ᠴᠡᠭ ᠤᠨ ᠡᠭᠦᠳᠡᠨ ᠡᠮᠦᠨ᠎ᠡ ᠴᠤᠭᠯᠠᠷᠠᠵᠤ ᠪᠣᠯᠬᠤ | ᠦᠭᠡᠢ ᠪᠥᠭᠡᠳ ᠲᠤᠬᠠᠢ ᠶᠢᠨ ᠲᠠᠯᠠᠪᠤᠷ ᠤᠨ ᠠᠵᠢᠯᠲᠠᠨ ᠤ ᠬᠠᠮᠢᠶᠠᠷᠤᠯᠲᠠ ᠳᠤ ᠬᠠᠮᠵᠢᠯᠴᠠᠬᠤ ᠬᠡᠷᠡᠭᠲᠡᠢ᠃ | ᠰᠢᠯᠭᠠᠭᠤᠯᠤᠭᠰᠠᠳ ᠢ ᠲᠤᠰᠴᠤ ᠬᠦᠷᠭᠡᠬᠦ ᠲᠡᠷᠭᠡ ᠵᠣᠭᠰᠣᠭᠰᠠᠨ ᠳᠠᠷᠤᠢ ᠳᠠᠭᠠᠨ ᠶᠠᠪᠤᠬᠤ ᠬᠡᠷᠡᠭᠲᠡᠢ᠃ | ᠰᠢᠯᠭᠠᠯᠲᠠ ᠶᠢᠨ ᠴᠡᠭ ᠤᠨ ᠣᠶᠢᠷ᠎ᠠ ᠬᠠᠪᠢ ᠶᠢᠨ ᠵᠡᠭᠡᠯᠢ ᠭᠤᠳᠤᠮᠵᠢ ᠳᠤ ᠲᠡᠷᠭᠡ ᠵᠣᠭᠰᠣᠭᠰᠠᠨ ᠤ ᠳᠠᠷᠠᠭ᠎ᠠ᠂ | ᠰᠢᠯᠭᠠᠭᠤᠯᠤᠭᠴᠢ ᠶᠠᠪᠠᠭᠠᠨ ᠢᠶᠠᠷ ᠰᠢᠯᠭᠠᠯᠲᠠ ᠶᠢᠨ ᠴᠡᠭ ᠲᠤ ᠣᠷᠣᠵᠤ᠂ ᠰᠢᠯᠭᠠᠯᠲᠠ ᠶᠢᠨ ᠴᠡᠭ ᠤᠨ ᠡᠭᠦᠳᠡᠨ | ᠡᠮᠦᠨᠡᠬᠢ ᠵᠠᠮ ᠳᠡᠭᠡᠷ᠎ᠡ ᠵᠠᠮ ᠬᠠᠷᠢᠯᠴᠠᠭᠠᠨ ᠤ ᠲᠦᠭᠵᠢᠷᠡᠯ ᠭᠠᠷᠬᠤ ᠠᠴᠠ ᠵᠠᠶᠢᠯᠠᠰᠬᠢᠬᠦ ᠶᠢ ᠰᠠᠨᠠᠭᠤᠯᠵᠤ ᠪᠠᠶᠢᠨ᠎ᠠ᠃ | ᠰᠢᠯᠭᠠᠯᠲᠠ ᠶᠢᠨ ᠴᠡᠭ ᠤᠨ ᠡᠭᠦᠳᠡᠨ ᠡᠮᠦᠨᠡᠬᠢ ᠵᠠᠮ ᠳᠡᠭᠡᠷ᠎ᠡ ᠢᠷᠡᠵᠦ ᠰᠢᠯᠭᠠᠭᠤᠯᠤᠭᠴᠢ ᠬᠦᠷᠭᠡᠵᠦ ᠲᠣᠰᠬᠤ | ᠲᠡᠷᠭᠡ ᠂ ᠰᠠᠨᠠᠭᠤᠯᠤᠮᠵᠢ ᠶᠢᠨ ᠲᠡᠮᠳᠡᠭ ᠢ ᠲᠠᠭᠠᠵᠤ ᠨᠡᠪᠲᠡᠷᠡᠨ᠂ ᠵᠠᠮ ᠬᠠᠷᠢᠯᠴᠠᠭᠠᠨ ᠤ ᠴᠠᠭᠳᠠᠭ᠎ᠠ ᠶᠢᠨ ᠲᠤᠬᠠᠢ ᠶᠢᠨ | ᠲᠠᠯᠠᠪᠤᠷ ᠤᠨ ᠵᠢᠯᠣᠭᠤᠳᠤᠯᠭ᠎ᠠ ᠶᠢ ᠳᠠᠭᠠᠬᠤ ᠬᠡᠷᠡᠭᠲᠡᠢ᠃ | ᠤᠯᠤᠰ ᠤᠨ ᠰᠢᠯᠭᠠᠯᠲᠠ ᠳᠤ ᠶᠠᠪᠤᠵᠤ ᠰᠠᠭᠤᠬᠤ ᠮᠡᠳᠡᠭᠡ ᠵᠠᠩᠭᠢ ᠶᠢ ᠨᠠᠩ ᠨᠠᠷᠢᠨ ᠣᠶᠢᠯᠠᠭᠠᠶ᠎ᠠ ᠭᠡᠪᠡᠯ᠂ ︽ | ᠠᠮᠤᠷ ᠠᠮᠤᠭᠤᠯᠠᠩ ᠬᠥᠬᠡᠬᠤᠲᠠ︾ ᠨᠡᠶᠢᠲᠡ ᠶᠢᠨ ᠳ᠋ᠤᠭᠠᠷ ᠢ ᠠᠩᠬᠠᠷᠴᠤ᠂ ︽ᠬᠥᠬᠡᠬᠤᠲᠠ ᠶᠢᠨ ᠵᠠᠮ | ᠬᠠᠷᠢᠯᠴᠠᠭᠠᠨ ᠤ ᠴᠠᠭᠳᠠᠭ᠎ᠠ ᠶᠢᠨ 2023 ᠣᠨ ᠤ ᠤᠯᠤᠰ ᠤᠨ ᠰᠢᠯᠭᠠᠯᠲᠠ ᠶᠢᠨ ᠬᠤᠭᠤᠴᠠᠭᠠᠨ ᠳᠠᠬᠢ ︿ᠬᠤᠶᠠᠷ ᠢ | ᠨᠡᠶᠢᠲᠡᠯᠡᠵᠦ ᠨᠢᠭᠡ ᠶᠢ ᠰᠠᠨᠠᠭᠤᠯᠬᠤ﹀︾ ᠵᠢᠴᠢ ︽2023 ᠣᠨ ᠤ ᠤᠯᠤᠰ ᠤᠨ ᠰᠢᠯᠭᠠᠯᠲᠠ ᠶᠢᠨ | ᠬᠤᠭᠤᠴᠠᠭᠠᠨ ᠳᠠᠬᠢ ᠬᠡᠰᠡᠭ ᠵᠠᠮ ᠱᠤᠭᠤᠮ ᠳᠤ ᠵᠠᠮ ᠬᠠᠷᠢᠯᠴᠠᠭᠠᠨ ᠤ ᠬᠠᠮᠢᠶᠠᠷᠤᠯᠲᠠ ᠬᠢᠬᠦ ᠲᠤᠬᠠᠢ ᠵᠠᠷᠯᠠᠯ︾ ᠠᠴᠠ | ᠯᠠᠪᠯᠠᠵᠤ ᠦᠵᠡᠵᠦ ᠪᠣᠯᠣᠨ᠎ᠠ᠃ | ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ |