ᠮᠠᠨ ᠤ ᠬᠤᠲᠠ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠲᠡᠷᠭᠡ ᠵᠢᠯᠣᠭᠤᠴᠢ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠵᠢᠯᠣᠭᠤᠳᠤᠨ ᠭᠦᠢᠴᠡᠳᠬᠡᠬᠦ ᠦᠢᠯᠡᠴᠢᠯᠡᠭᠡ ᠶᠢ ᠲᠤᠷᠰᠢᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2023/6/7
     ︵ᠰᠤᠷᠪᠤᠯᠵᠢᠯᠠᠭᠴᠢ ᠯᠢᠶᠠᠩ ᠵᠢᠩ ᠱᠤ᠋︶ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠬᠤᠲᠠ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠲᠡᠷᠭᠡ ᠵᠢᠯᠣᠭᠤᠴᠢ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠵᠢᠯᠣᠭᠤᠳᠤᠨ ᠭᠦᠢᠴᠡᠳᠬᠡᠬᠦ ᠦᠢᠯᠡᠴᠢᠯᠡᠭᠡ ᠶᠢ ᠲᠤᠷᠰᠢᠨ ᠬᠡᠷᠡᠭᠵᠢᠭᠦᠯᠦᠨ᠎ᠡ᠃ ᠬᠤᠲᠠ ᠶᠢᠨ ᠠᠷᠠᠳ ︽ᠥᠪᠥᠷ ᠮᠣᠩᠭᠤᠯ ᠤᠨ ᠵᠠᠮ ᠬᠠᠷᠢᠯᠴᠠᠭᠠᠨ ᠤ ᠴᠠᠭᠳᠠᠭ᠎ᠠ︾ ᠸᠢᠴᠠᠲ ᠤᠨ ᠨᠡᠶᠢᠲᠡ ᠶᠢᠨ ᠳ᠋ᠤᠭᠠᠷ ᠲᠤ ᠳᠠᠩᠰᠠᠯᠠᠭᠤᠯᠵᠤ᠂ ᠥᠪᠡᠷ ᠤᠨ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠬᠠᠮᠤᠭ ᠤᠨ ᠣᠶᠢᠷ᠎ᠠ ᠪᠠᠶᠢᠭ᠎ᠠ ᠲᠤᠬᠠᠶᠢᠯᠠᠭᠰᠠᠨ ᠠᠵᠢᠯ ᠭᠦᠢᠴᠡᠳᠬᠡᠬᠦ ᠭᠠᠵᠠᠷ ᠢ ᠡᠷᠢᠵᠦ᠂ ᠵᠠᠷᠯᠠᠨ ᠨᠡᠶᠢᠲᠡᠯᠡᠭᠰᠡᠨ ᠬᠡᠷᠡᠭ ᠭᠦᠢᠴᠡᠳᠬᠡᠬᠦ ᠵᠢᠭᠠᠯᠲᠠ ᠶᠣᠰᠣᠭᠠᠷ᠂ ᠲᠤᠰᠢᠶᠠᠬᠤ ᠴᠢᠬᠤᠯᠠᠲᠠᠢ ᠬᠠᠮᠢᠶ᠎ᠠ ᠪᠦᠬᠦᠢ ᠮᠠᠲ᠋ᠧᠷᠢᠶᠠᠯ ᠢᠶᠠᠨ ᠤᠷᠢᠳᠴᠢᠯᠠᠨ ᠪᠡᠯᠡᠳᠬᠡᠵᠦ᠂ ᠲᠤᠬᠠᠶᠢᠯᠠᠭᠰᠠᠨ ᠠᠵᠢᠯ ᠭᠦᠢᠴᠡᠳᠬᠡᠬᠦ ᠪᠠᠷ ᠮᠥᠷᠯᠡᠵᠦ ᠪᠠᠶᠢᠭ᠎ᠠ ᠬᠥᠮᠥᠨ ᠤ ᠲᠤᠭ᠎ᠠ ᠲᠠᠢ ᠤᠶᠠᠯᠳᠤᠭᠤᠯᠤᠨ᠂ ᠢᠨᠲ᠋ᠧᠷ ᠰᠦᠯᠵᠢᠶᠡᠨ ᠤ ᠭᠠᠵᠠᠷ ᠤᠨ ᠵᠢᠷᠤᠭ ᠤᠨ ᠰᠣᠩᠭᠤᠵᠤ ᠲᠠᠨᠢᠯᠴᠠᠭᠤᠯᠤᠭᠰᠠᠨ ᠵᠠᠮ ᠢᠶᠠᠷ ᠵᠠᠮᠴᠢᠯᠠᠭᠤᠯᠵᠤ ᠣᠶᠢᠷ᠎ᠠ ᠬᠠᠪᠢ ᠳᠠᠭᠠᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠣᠨ᠎ᠠ᠃      ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠨ ᠲᠤᠷᠰᠢ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠳᠣᠲᠣᠭᠠᠳᠤ ᠶᠢ ᠬᠠᠮᠠᠭᠠᠯᠠᠬᠤ ᠶᠠᠮᠤᠨ ᠪᠣᠯᠣᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠡᠷᠭᠡ ᠵᠢᠯᠣᠭᠤᠴᠢ ᠶᠢᠨ ᠬᠠᠮᠢᠶᠠᠷᠤᠯᠲᠠ ᠶᠢᠨ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠢ ᠠᠬᠢᠭᠤᠯᠪᠠ᠃ ᠲᠣᠰ ᠤᠳᠠᠭ᠎ᠠ ᠶᠢᠨ ᠬᠡᠷᠡᠭᠵᠢᠭᠦᠯᠦᠭᠰᠡᠨ ︽ᠲᠡᠷᠭᠡ ᠵᠢᠯᠣᠭᠤᠴᠢ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠵᠢᠯᠣᠭᠤᠳᠤᠨ ᠭᠦᠢᠴᠡᠳᠬᠡᠬᠦ ᠦᠢᠯᠡᠴᠢᠯᠡᠭᠡ ᠶᠢ ᠲᠤᠷᠰᠢᠨ ᠬᠡᠷᠡᠭᠵᠢᠭᠦᠯᠬᠦ︾ ᠰᠢᠨ᠎ᠡ ᠠᠷᠭ᠎ᠠ ᠬᠡᠮᠵᠢᠶ᠎ᠡ ᠨᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠬᠢᠭᠡᠳ ᠪᠠᠢ ᠳ᠋ᠦ᠋ ᠭᠠᠵᠠᠷ ᠤᠨ ᠵᠢᠷᠤᠭ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠦᠯᠵᠢᠶᠡᠨ ᠳᠡᠭᠡᠷ᠎ᠡ ᠵᠢᠯᠣᠭᠤᠳᠤᠨ ᠭᠦᠢᠴᠡᠳᠬᠡᠬᠦ ᠦᠢᠯᠡᠴᠢᠯᠡᠭᠡ ᠶᠢ ᠴᠢᠩᠭᠠᠳᠬᠠᠬᠤ ᠪᠠᠷ ᠳᠠᠮᠵᠢᠭᠤᠯᠤᠨ᠂ ᠦᠢᠯᠡᠴᠢᠯᠡᠭᠡᠨ ᠤ ᠶᠠᠰᠤ ᠴᠢᠨᠠᠷ ᠢ ᠨᠠᠷᠢᠯᠢᠭᠵᠢᠭᠤᠯᠤᠨ ᠳᠡᠭᠡᠭᠰᠢᠯᠡᠭᠦᠯᠵᠦ᠂ ᠬᠤᠲᠠ ᠶᠢᠨ ᠠᠷᠠᠳ ᠤᠨ ᠲᠡᠷᠭᠡ ᠵᠢᠯᠣᠭᠤᠴᠢ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠤᠯᠠᠮ ᠨᠢᠭᠡ ᠠᠯᠬᠤᠮ ᠲᠥᠬᠦᠮ ᠦᠵᠡᠭᠦᠯᠬᠦ ᠪᠠᠰᠠ ᠨᠢᠭᠡᠨ ᠬᠦᠴᠦᠲᠡᠢ ᠠᠷᠭ᠎ᠠ ᠬᠡᠮᠵᠢᠶ᠎ᠡ ᠪᠣᠯᠵᠠᠢ᠃ᠢᠷᠡᠯᠲᠡ᠄  ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1