ᠴᠢᠩ ᠱᠦᠢ ᠾᠧ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠥᠮᠴᠢᠯᠡᠯ ᠠᠵᠤ ᠠᠬᠤᠶᠢᠯᠠᠯ ᠤᠨ ᠶᠡᠷᠦᠩᠬᠡᠢ ᠪᠠᠶᠢᠳᠠᠯ᠂ ᠲᠣᠰ ᠪᠡᠶ᠎ᠡ ᠶᠢᠨ ᠬᠥᠭᠵᠢᠯᠲᠡ ᠪᠠ ︽ᠭᠤᠷᠪᠠᠨ ᠲᠠᠷᠢᠶᠠᠯᠠᠩ︾ ᠳᠤ ᠦᠢᠯᠡᠴᠢᠯᠡᠬᠦ ᠳᠤ ᠲᠤᠯᠭᠠᠷᠠᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠵᠢᠴᠢ ᠰᠠᠨᠠᠭᠤᠯᠭ᠎ᠠ
ᠨᠡᠶᠢᠲᠡᠯᠡᠭᠰᠡᠨ ᠴᠠᠭ᠄
2023/7/14
     ᠨᠢᠭᠡ᠂ ᠬᠤᠷᠰᠢᠶᠠᠨ ᠤ ᠥᠮᠴᠢᠯᠡᠯ ᠤᠨ ᠠᠵᠤ ᠠᠬᠤᠶᠢᠯᠠᠯ ᠤᠨ ᠶᠡᠷᠦᠩᠬᠡᠢ ᠪᠠᠶᠢᠳᠠᠯ      ᠴᠢᠩ ᠱᠦᠢ ᠾᠧ ᠰᠢᠶᠠᠨ ᠤ ᠢᠦᠢ ᠱᠧᠩ ᠬᠠᠩᠭᠠᠨ ᠪᠣᠷᠣᠯᠠᠭᠤᠯᠬᠤ ᠺᠣᠮᠫᠠᠨᠢ ᠪᠣᠯ ᠴᠢᠩ ᠱᠦᠢ ᠾᠧ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠰᠢᠭᠤᠳ ᠬᠠᠷᠢᠶ᠎ᠠ ᠪᠦᠷᠢᠨ ᠪᠡᠯᠡᠳᠦ ᠬᠤᠷᠰᠢᠶᠠᠨ ᠤ ᠥᠮᠴᠢᠯᠡᠯ ᠤᠨ ᠠᠵᠤ ᠠᠬᠤᠶᠢᠯᠠᠯ ᠤᠨ ᠴᠤᠷ ᠤᠨ ᠭᠠᠭᠴᠠ ᠺᠣᠮᠫᠠᠨᠢ ᠪᠣᠯᠣᠨ᠎ᠠ᠃ᠺᠣᠮᠫᠠᠨᠢ ᠶᠢᠨ ᠭᠤᠣᠯ ᠡᠵᠡᠩᠨᠡᠯᠲᠡ ᠶᠢᠨ ᠬᠡᠪᠴᠢᠶᠡᠨ ᠳᠤ ᠲᠠᠷᠢᠮᠠᠯ ᠤᠨ ᠵᠦᠢᠯ ᠢ ᠲᠠᠷᠢᠬᠤ᠂ ᠪᠣᠷᠣᠯᠠᠭᠤᠯᠬᠤ︔ᠲᠠᠷᠢᠶᠠᠯᠠᠩ ᠤᠨ ᠳᠠᠭᠠᠯᠲᠠ ᠪᠦᠲᠦᠭᠡᠭᠳᠡᠬᠦᠨ ᠢ ᠬᠤᠳᠠᠯᠳᠤᠨ ᠠᠪᠬᠤ ᠪᠣᠷᠣᠯᠠᠭᠤᠯᠬᠤ︔ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ︔ᠡᠳᠦᠷ ᠲᠤᠳᠤᠮ ᠤᠨ ᠬᠡᠷᠡᠭᠯᠡᠭᠡᠨ ᠤ ᠵᠦᠢᠯ᠂ ᠬᠢᠮᠢ ᠶᠢᠨ ᠪᠣᠷᠳᠣᠭᠤᠷ᠂ ᠲᠠᠷᠢᠶᠠᠯᠠᠩ ᠤᠨ ᠮᠠᠰᠢᠨ ᠪᠠᠭᠠᠵᠢ᠂ ᠲᠠᠷᠢᠶᠠᠯᠠᠩ᠂ ᠮᠠᠰᠢᠨ ᠮᠧᠬᠠᠨᠢᠭ ᠤᠨ ᠪᠣᠷᠤᠯᠠᠭᠤᠯᠭ᠎ᠠ︔ᠬᠤᠷᠰᠢᠶᠠᠨ ᠤ ᠥᠮᠴᠢᠯᠡᠯ ᠤᠨ ᠡᠳ᠋ ᠬᠥᠷᠥᠩᠭᠡ︔ᠤᠰᠤᠯᠠᠯᠲᠠ ᠶᠢᠨ ᠦᠢᠯᠡᠴᠢᠯᠡᠭᠡ︔ᠲᠠᠷᠢᠶᠠᠨ ᠭᠠᠵᠠᠷ ᠤᠨ ᠭᠠᠵᠠᠷ ᠰᠢᠷᠣᠢ ᠶᠢ ᠡᠮᠬᠢᠯᠡᠨ ᠴᠡᠭᠴᠡᠯᠡᠬᠦ ᠦᠢᠯᠡᠴᠢᠯᠡᠭᠡ︔ᠲᠠᠷᠢᠶᠠᠯᠠᠩ ᠤᠨ ᠲᠣᠭᠤᠷᠢᠨ ᠦᠵᠡᠬᠦ ᠵᠢᠭᠤᠯᠴᠢᠯᠠᠯ︔ᠡᠩ ᠤᠨ ᠡᠳ᠋ ᠪᠠᠷᠠᠭ᠎ᠠ ᠶᠢᠨ ᠵᠠᠮ ᠲᠡᠭᠡᠭᠡᠪᠦᠷᠢ ᠵᠡᠷᠭᠡ᠃ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠨᠢ ᠠᠵᠤ ᠠᠬᠤᠶᠢᠯᠠᠯ ᠤᠨ ᠰᠢᠨᠵᠢ ᠴᠢᠨᠠᠷ ᠲᠠᠢ ᠪᠠᠶᠢᠵᠤ᠂ ᠥᠪᠡᠷ ᠤᠨ ᠣᠷᠣᠯᠭ᠎ᠠ ᠪᠠᠨ ᠥᠪᠡᠷ ᠢᠶᠠᠨ ᠵᠠᠷᠤᠵᠤ᠂ ᠣᠯᠵᠤ ᠠᠯᠳᠠᠬᠤ ᠪᠠᠨ ᠥᠪᠡᠷ ᠢᠶᠠᠨ ᠬᠠᠷᠢᠭᠤᠴᠠᠵᠤ᠂ ᠪᠦᠬᠦ ᠰᠢᠶᠠᠨ ᠳᠤ ᠤᠳᠤ 9 ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠪᠠᠶᠢᠨ᠎ᠠ᠃      ᠬᠤᠶᠠᠷ᠂ ᠲᠣᠰ ᠪᠡᠶ᠎ᠡ ᠶᠢᠨ ᠬᠥᠭᠵᠢᠯᠲᠡ ᠶᠢᠨ ᠪᠠᠶᠢᠳᠠᠯ      ᠰᠢᠶᠠᠨ ᠤ ᠬᠤᠷᠰᠢᠶᠠᠨ ᠤ ᠢᠦᠢ ᠱᠧᠩ ᠬᠠᠩᠭᠠᠨ ᠪᠣᠷᠣᠯᠠᠭᠤᠯᠬᠤ ᠺᠣᠮᠫᠠᠨᠢ 2011 ᠣᠨ᠂ 2012 ᠣᠨ ᠳᠤ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ︽ᠰᠢᠨ᠎ᠡ ᠲᠣᠣᠷ ᠤᠨ ᠢᠨᠵᠧᠨᠧᠷᠢᠩ︾ ᠤᠨ ᠲᠠᠷᠢᠶᠠᠯᠠᠩ ᠤᠨ ᠳᠠᠭᠠᠯᠲᠠ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠪᠠ ᠳᠠᠬᠢᠯᠲᠠ ᠡᠬᠢ ᠪᠠᠶᠠᠯᠢᠭ ᠢ ᠢᠯᠭᠠᠨ ᠪᠣᠯᠪᠠᠰᠤᠷᠠᠭᠤᠯᠬᠤ ᠵᠠᠬ᠎ᠠ ᠳᠡᠯᠭᠡᠭᠦᠷ ᠤᠨ ︽ᠱᠠᠩᠨᠠᠯ ᠢᠶᠠᠷ ᠨᠥᠬᠦᠪᠦᠷᠢ ᠶᠢ ᠣᠷᠣᠯᠠᠭᠤᠯᠬᠤ︾ ᠪᠡᠯᠡ ᠮᠥᠩᠭᠦ  ᠶᠢ 80 ᠲᠦᠮᠡᠨ ᠲᠥᠭᠦᠷᠢᠭ ᠪᠠ 100 ᠲᠦᠮᠡᠨ ᠲᠥᠭᠦᠷᠢᠭ ᠣᠯᠵᠤ᠂ ᠲᠥᠷᠥᠯ ᠵᠦᠢᠯ ᠤᠨ ᠪᠡᠯᠡ ᠮᠥᠩᠭᠦ ᠶᠢ ᠪᠦᠬᠦᠨ ᠢ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠤᠤᠯ ᠤᠨ ᠡᠳ᠋ ᠬᠥᠷᠥᠩᠭᠡ ᠶᠢᠨ ᠬᠥᠮᠥᠷᠭᠡ ᠪᠠ ᠮᠠᠯ ᠤᠨ ᠭᠠᠷᠤᠯᠲᠠ ᠶᠢᠨ ᠬᠥᠮᠥᠷᠭᠡ ᠳᠤ ᠬᠡᠷᠡᠭᠯᠡᠵᠦ᠂ ᠭᠠᠵᠠᠷ ᠨᠢ ᠴᠧᠩ ᠭᠤᠸᠠᠨ ᠪᠠᠯᠭᠠᠰᠤᠨ ᠤ ᠱᠧᠨ ᡂᠢ ᠶᠣᠣ ᠲᠣᠰᠬᠤᠨ ᠳᠤ ᠪᠠᠶᠢᠷᠢᠯᠠᠭᠤᠯᠵᠤ᠂ ᠢᠦᠢ ᠱᠧᠩ ᠬᠠᠩᠭᠠᠨ ᠪᠣᠷᠣᠯᠠᠭᠤᠯᠬᠤ ᠺᠣᠮᠫᠠᠨᠢ ᠶᠢᠨ ᠬᠥᠮᠥᠷᠭᠡᠯᠡᠨ ᠬᠠᠳᠠᠭᠠᠯᠠᠬᠤ᠂ ᠪᠠᠷᠠᠭᠠᠨ ᠤ ᠭᠦᠢᠯᠭᠡᠭᠡ᠂ ᠲᠣᠬᠢᠷᠠᠭᠤᠯᠤᠨ ᠬᠦᠷᠭᠡᠬᠦ ᠲᠥᠪ ᠪᠣᠯᠭᠠᠪᠠ᠃ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠡᠳᠦᠷ ᠲᠤᠲᠤᠮ ᠤᠨ ᠬᠡᠷᠡᠭᠯᠡᠭᠡᠨ ᠤ ᠵᠦᠢᠯ ᠢ ᠲᠣᠬᠢᠷᠠᠭᠤᠯᠤᠨ ᠬᠦᠷᠭᠡᠬᠦ ᠲᠥᠪ ᠤᠨ ᠡᠵᠡᠯᠡᠬᠦ ᠲᠠᠯᠠᠪᠠᠶ  ᠨᠢ 3970 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ ᠨᠢ 3100 ᠲᠡᠭᠰᠢ ᠳᠥᠷᠪᠡᠯᠵᠢᠨ ᠮᠧᠲᠷ︔ᠪᠠᠷᠠᠭ᠎ᠠ ᠶᠢᠨ ᠲᠤᠭ᠎ᠠ ᠬᠡᠮᠵᠢᠶ᠎ᠡ ᠨᠢ 2000 ᠵᠦᠢᠯ ᠠᠴᠠ ᠳᠡᠭᠡᠭᠰᠢ ᠪᠠᠶᠢᠵᠤ᠂ ᠵᠢᠯ ᠤᠨ ᠪᠣᠷᠣᠯᠠᠭᠤᠯᠤᠯᠲᠠ ᠶᠢᠨ ᠲᠤᠭ᠎ᠠ ᠬᠡᠮᠵᠢᠶ᠎ᠡ ᠨᠢ 1000 ᠲᠦᠮᠡᠨ ᠲᠥᠭᠦᠷᠢᠭ ᠠᠴᠠ ᠳᠡᠭᠡᠭᠰᠢ ᠪᠠᠶᠢᠵᠤ᠂ ᠲᠣᠬᠢᠷᠠᠭᠤᠯᠤᠨ ᠬᠦᠷᠭᠡᠬᠦ ᠲᠡᠷᠭᠡ ᠬᠥᠰᠬᠡ ᠶᠢ 2 ᠰᠠᠭᠤᠷᠢ ᠪᠣᠯᠣᠨ᠎ᠠ᠃      ᠣᠳᠣᠬᠠᠨ ᠳᠤ᠂ ᠺᠣᠮᠫᠠᠨᠢ ᠠᠴᠠ ᠡᠳ᠋ ᠬᠥᠷᠥᠩᠭᠡ ᠡᠵᠡᠩᠨᠡᠵᠦ᠂ ᠸᠠᠩ ᠴᠢᠩ ᠾᠧ ᠬᠤᠯᠢᠰᠢᠨ ᠢᠳᠡᠭᠡᠨ ᠤ ᠡᠳᠦᠷ ᠲᠤᠲᠤᠮ ᠤᠨ ᠬᠡᠷᠡᠭᠯᠡᠭᠡᠨ ᠤ ᠪᠦᠷᠢᠨ ᠪᠠᠷᠠᠭ᠎ᠠ ᠲᠣᠬᠢᠷᠠᠭᠤᠯᠤᠨ ᠬᠦᠷᠭᠡᠬᠦ ᠬᠢᠵᠠᠭᠠᠷᠲᠤ ᠺᠣᠮᠫᠠᠨᠢ ᠳᠠᠭᠠᠭᠠᠴᠢᠯᠠᠯᠲᠠ ᠶᠢᠨ ᠬᠡᠯᠪᠡᠷᠢ ᠪᠠᠷ ᠡᠳᠦᠷ ᠲᠤᠲᠤᠮ ᠤᠨ ᠬᠡᠷᠡᠭᠯᠡᠭᠡᠨ ᠤ ᠵᠦᠢᠯ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠲᠣᠬᠢᠷᠠᠭᠤᠯᠤᠨ ᠬᠦᠷᠭᠡᠬᠦ ᠲᠤᠬᠠᠶᠢᠯᠠᠭᠰᠠᠨ ᠠᠵᠢᠯ ᠢ ᠡᠵᠡᠩᠨᠡᠵᠦ᠂ ᠪᠥᠬᠦ ᠰᠢᠶᠠᠨ ᠤ 8 ᠰᠢᠶᠠᠩ ᠪᠠᠯᠭᠠᠰᠤ᠂ 8 ᠨᠡᠶᠢᠭᠡᠮ ᠲᠣᠭᠤᠷᠢᠭ᠂ 103 ᠲᠣᠰᠬᠤᠨ ᠤ ᠲᠠᠰ ᠤᠨ ᠠᠷᠠᠳ ᠲᠤ ᠲᠥᠬᠦᠮ ᠦᠵᠡᠭᠦᠯᠬᠦ ᠬᠤᠯᠪᠣᠯᠳᠤᠭᠰᠠᠨ ᠬᠡᠲᠦ ᠳᠡᠯᠭᠡᠭᠦᠷ ︵ᠲᠣᠰᠬᠤᠨ ᠤ ᠲᠠᠰ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠤᠷᠰᠢᠶ᠎ᠠ︶ ᠲᠤ 2000 ᠭᠠᠷᠤᠢ ᠵᠦᠢᠯ ᠤᠨ ᠲᠠᠸᠠᠷ ᠲᠣᠬᠢᠷᠠᠭᠤᠯᠤᠨ ᠬᠦᠷᠭᠡᠬᠦ ᠦᠢᠯᠡᠴᠢᠯᠡᠭᠡ ᠶᠢ ᠬᠡᠷᠡᠭᠵᠢᠭᠦᠯᠵᠦ᠂ ᠰᠢᠶᠠᠨ ᠤ ᠬᠡᠪᠴᠢᠶ᠎ᠡ ᠶᠢ ᠨᠡᠶᠢᠳᠡᠮ ᠬᠠᠮᠤᠷᠬᠤ ᠶᠢ ᠪᠡᠶᠡᠯᠡᠭᠦᠯᠦᠨ᠂ ᠪᠥᠬᠦ ᠰᠢᠶᠠᠨ ᠤ ᠬᠤᠲᠠ ᠬᠥᠳᠡᠭᠡ ᠶᠢᠨ ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠰᠢᠨ᠎ᠡ ᠬᠦᠴᠦᠨ ᠢ ᠬᠠᠩᠭᠠᠵᠤ᠂ ᠲᠠᠷᠢᠶᠠᠴᠢᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠤᠨ ᠭᠤᠣᠯ ᠵᠢᠭᠰᠠᠭᠠᠯ ᠤᠨ ᠭᠠᠵᠠᠷ ᠪᠣᠯᠪᠠ᠃ᠵᠢᠯ ᠪᠦᠷᠢ ᠲᠤᠰ ᠺᠣᠮᠫᠠᠨᠢ ᠢᠦᠢ ᠱᠧᠩ ᠬᠠᠩᠭᠠᠨ ᠪᠣᠷᠣᠯᠠᠭᠤᠯᠬᠤ ᠺᠣᠮᠫᠠᠨᠢ ᠳᠤ ᠲᠦᠷᠢᠶᠡᠰᠦᠨ ᠮᠥᠩᠭᠦ ᠲᠤᠰᠢᠶᠠᠵᠤ᠂ ᠡᠬᠢᠨ ᠳᠡᠭᠡᠨ ᠵᠢᠯ ᠳᠤ 8000 ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ ᠵᠢᠯ ᠳᠤ 3 ᠲᠦᠮᠡᠨ ᠲᠥᠭᠦᠷᠢᠭ ᠪᠣᠯᠵᠠᠢ᠃ᠲᠦᠷᠢᠶᠡᠰᠦᠨ ᠮᠥᠩᠭᠦ ᠶᠢ ᠭᠤᠣᠯᠳᠠᠭᠤ ᠬᠥᠮᠥᠷᠭᠡᠯᠡᠨ ᠬᠠᠳᠠᠭᠠᠯᠠᠬᠤ ᠲᠥᠪ ᠤᠨ ᠰᠠᠭᠤᠷᠢ ᠪᠡᠯᠡᠳᠬᠡᠮᠵᠢ ᠶᠢ ᠰᠠᠶᠢᠵᠢᠷᠠᠭᠤᠯᠬᠤ ᠪᠠ ᠰᠡᠯᠪᠢᠨ ᠵᠠᠰᠠᠬᠤ ᠳᠤ ᠬᠡᠷᠡᠭᠯᠡᠨ᠎ᠡ᠃      ᠭᠤᠷᠪᠠ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠳᠤ ᠦᠢᠯᠡᠴᠢᠯᠡᠬᠦ ᠳᠤ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠵᠢᠴᠢ ᠰᠠᠨᠠᠭᠤᠯᠭ᠎ᠠ      ︵ᠨᠢᠭᠡ︶ ᠴᠢᠳᠠᠪᠤᠷᠢᠲᠠᠨ ᠳᠤᠲᠠᠭᠳᠠᠵᠤ᠂ ᠬᠥᠳᠡᠯᠭᠡᠬᠦ ᠬᠦᠴᠦᠨ ᠬᠦᠷᠦᠯᠴᠡᠬᠦ ᠦᠭᠡᠢ ᠪᠠᠶᠢᠨ᠎ᠠ᠃ᠪᠦᠬᠦ ᠰᠢᠶᠠᠨ ᠤ ᠦᠨᠳᠦᠰᠦᠨ ᠱᠠᠲᠤᠨ ᠤ ᠬᠤᠷᠰᠢᠶ᠎ᠠ ᠳᠤ ᠤᠳᠤ ᠳᠠᠩᠰᠠᠨ ᠳᠤ ᠪᠠᠶᠢᠭ᠎ᠠ ᠠᠵᠢᠯᠲᠠᠨ 40 ᠭᠠᠷᠤᠢ ᠬᠥᠮᠥᠨ ᠪᠠᠶᠢᠵᠤ᠂ ᠳᠤᠮᠳᠠᠴᠢ ᠨᠠᠰᠤ ᠨᠢ ᠨᠡᠯᠢᠶᠡᠳ ᠶᠡᠭᠡ ᠪᠠᠶᠢᠵᠤ᠂ ᠤᠳᠤ ᠦᠶ᠎ᠡ ᠶᠢᠨ ᠲᠠᠷᠢᠶᠠᠯᠠᠩ ᠤᠨ ᠮᠡᠷᠭᠡᠵᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠶᠢ ᠡᠵᠡᠮᠰᠢᠭᠰᠡᠨ ᠨᠢ ᠨᠡᠯᠢᠶᠡᠳ ᠴᠥᠭᠡᠨ᠂ ᠡᠵᠡᠩᠨᠡᠯᠲᠡ ᠶᠢᠨ ᠴᠢᠳᠠᠪᠤᠷᠢ ᠨᠢ ᠴᠢᠩᠭ᠎ᠠ ᠪᠢᠰᠢ᠂ ᠠᠵᠢᠯ ᠤᠨ ᠢᠳᠡᠪᠬᠢᠵᠢᠯ ᠨᠢ ᠴᠢᠩᠭ᠎ᠠ ᠪᠢᠰᠢ ᠪᠠᠶᠢᠵᠤ᠂ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠨ᠎ᠠ᠃ᠰᠠᠨᠠᠭᠤᠯᠤᠮᠵᠢ᠄ ᠬᠥᠮᠥᠨ ᠰᠣᠩᠭᠤᠵᠤ ᠬᠥᠮᠥᠨ ᠬᠡᠷᠡᠭᠯᠡᠬᠦ ᠲᠣᠭᠲᠠᠴᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠬᠤᠷᠰᠢᠶ᠎ᠠ ᠶᠢᠨ ᠬᠠᠷᠢᠭᠤᠴᠠᠯᠭᠠᠲᠠᠨ᠂ ᠲᠠᠷᠢᠶᠠᠯᠠᠩ ᠳᠤ ᠬᠤᠯᠪᠣᠭᠳᠠᠬᠤ ᠲᠣᠯᠣᠭᠠᠶᠢᠯᠠᠭᠴᠢ ᠠᠵᠤ ᠠᠬᠤᠶᠢᠯᠠᠯ᠂ ᠬᠥᠳᠡᠭᠡ ᠲᠣᠰᠬᠤᠨ ᠤ ᠴᠢᠳᠠᠪᠤᠷᠢᠲᠠᠨ᠂ ᠲᠣᠰᠬᠤᠨ ᠤ ᠺᠠᠳ᠋ᠷ ᠪᠠ ᠣᠶᠤᠲᠠᠳ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠤᠰᠢᠭᠤᠴᠢ ᠠᠩᠭᠢ ᠶᠢ ᠬᠥᠲᠥᠯᠥᠨ ᠵᠢᠯᠤᠭᠤᠳᠴᠤ ᠪᠠᠶᠢᠭᠠᠳ ᠬᠠᠩᠭᠠᠨ ᠪᠣᠷᠣᠯᠠᠭᠤᠯᠬᠤ ᠰᠢᠰᠲ᠋ᠧᠮ ᠤᠨ ᠡᠩᠨᠡᠭᠡ ᠳᠤ ᠣᠷᠣᠭᠤᠯᠵᠤ ᠂ ᠬᠠᠩᠭᠠᠨ ᠪᠣᠷᠣᠯᠠᠭᠤᠯᠬᠤ ᠰᠢᠰᠲ᠋ᠧᠮ ᠤᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠳᠤ ᠦᠢᠯᠡᠴᠢᠯᠡᠬᠦ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ᠡᠭᠦᠨ ᠤ ᠬᠠᠮᠲᠤ᠂ ᠲᠤᠬᠠᠢ ᠶᠢᠨ ᠭᠠᠵᠠᠷ ᠤᠨ ᠰᠢᠶᠠᠩ ᠪᠠᠯᠭᠠᠰᠤᠨ ᠤ ᠨᠠᠮ ᠵᠠᠰᠠᠭ ᠤᠨ ᠤᠳᠤᠷᠢᠳᠤᠯᠭ᠎ᠠ ᠲᠠᠢ ᠨᠡᠪᠲᠡᠷᠡᠯᠴᠡᠨ ᠵᠣᠬᠢᠴᠠᠭᠤᠯᠵᠤ᠂ ᠳᠡᠮᠵᠢᠯᠭᠡ ᠡᠷᠢᠵᠦ᠂ ᠦᠨᠳᠦᠰᠦᠨ ᠱᠠᠲᠤᠨ ᠤ ᠬᠤᠷᠰᠢᠶ᠎ᠠ ᠶᠢᠨ ᠬᠥᠮᠥᠨ ᠬᠡᠷᠡᠭᠯᠡᠬᠦ ᠰᠡᠳᠬᠢᠮᠵᠢ ᠶᠢ ᠥᠷᠭᠡᠳᠬᠡᠨ᠂ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃      ︵ᠬᠤᠶᠠᠷ︶ ᠬᠡᠪᠴᠢᠶ᠎ᠡ ᠪᠠᠷ ᠨᠡᠯᠢᠶᠡᠳ ᠪᠠᠭ᠎ᠠ᠂ ᠪᠣᠳᠠᠲᠤ ᠬᠦᠴᠦᠨ ᠢᠶᠠᠷ ᠴᠢᠩᠭ᠎ᠠ ᠪᠢᠰᠢ᠃ᠬᠤᠷᠰᠢᠶᠠᠨ ᠤ ᠥᠮᠴᠢᠯᠡᠯ ᠤᠨ ᠠᠵᠤ ᠠᠬᠤᠶᠢᠯᠠᠯ ᠤᠨ ᠪᠣᠳᠠᠲᠤ ᠬᠦᠴᠦᠨ ᠴᠢᠩᠭ᠎ᠠ ᠪᠢᠰᠢ ᠪᠠᠶᠢᠨ᠎ᠠ᠃ᠪᠥᠬᠦ ᠰᠢᠰᠲ᠋ᠧᠮ ᠤᠨ ᠠᠰᠢᠭ ᠣᠯᠵᠠᠪᠤᠷᠢ ᠲᠠᠢ ᠠᠵᠤ ᠠᠬᠤᠶᠢᠯᠠᠯ ᠣᠯᠠᠨ ᠪᠢᠰᠢ᠂ ᠠᠰᠢᠭ ᠣᠯᠵᠠᠪᠤᠷᠢ ᠶᠢᠨ ᠬᠢᠷᠢ ᠬᠡᠮᠵᠢᠶ᠎ᠡ ᠨᠡᠯᠢᠶᠡᠳ ᠳᠣᠣᠷ᠎ᠠ᠂ ᠠᠵᠤ ᠠᠬᠤᠢ ᠶᠢᠨ ᠪᠣᠳᠠᠲᠤ ᠬᠦᠴᠦᠨ ᠲᠡᠳᠦᠢ ᠴᠢᠩᠭ᠎ᠠ ᠪᠢᠰᠢ᠂ ᠪᠣᠳᠠᠲᠤ ᠬᠦᠴᠦᠨ ᠲᠠᠢ ᠳᠠᠭᠠᠭᠤᠯᠤᠭᠴᠢ ᠠᠵᠤ ᠠᠬᠤᠶᠢᠯᠠᠯ ᠢᠶᠠᠷ ᠳᠤᠲᠠᠮᠠᠭ ᠪᠠᠶᠢᠵᠤ᠂ ᠲᠠᠷᠢᠶᠠᠯᠠᠩ ᠳᠤ ᠦᠢᠯᠡᠴᠢᠯᠡᠬᠦ ᠪᠣᠳᠠᠲᠤ ᠬᠦᠴᠦᠨ ᠨᠢ ᠴᠢᠩᠭ᠎ᠠ ᠪᠢᠰᠢ ᠪᠠᠶᠢᠨ᠎ᠠ ᠃ᠰᠠᠨᠠᠭᠤᠯᠤᠮᠵᠢ᠄ ᠭᠤᠣᠯᠳᠠᠯᠭ᠎ᠠ ᠲᠠᠢ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠨᠢᠭᠡᠪᠦᠷᠢ ᠳᠤ 1 ᠠᠴᠠ 2 ᠪᠣᠳᠠᠲᠤ ᠬᠦᠴᠦᠨ ᠲᠠᠢ᠂ ᠬᠡᠪᠴᠢᠶ᠎ᠡ ᠲᠠᠢ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢ ᠪᠣᠶᠢᠵᠢᠭᠤᠯᠵᠤ᠂ ᠨᠡᠷᠡᠳᠦ ᠲᠦᠷᠦᠯ ᠲᠡᠮᠳᠡᠭ ᠢ ᠡᠭᠦᠳᠴᠦ᠂ ᠪᠣᠬᠢᠷᠲᠤᠯ ᠦᠭᠡᠢ ᠫᠠᠶᠢᠰᠠ ᠶᠢ ᠡᠭᠦᠳᠴᠦ᠂ ᠣᠨᠴᠠᠯᠢᠭᠲᠤ ᠵᠠᠮ ᠢᠶᠠᠷ ᠵᠠᠮᠨᠠᠵᠤ᠂ ᠪᠣᠳᠠᠲᠠᠶᠢᠵᠢᠭᠤᠯᠵᠤ ᠬᠦᠴᠦᠷᠬᠡᠭᠵᠢᠭᠦᠯᠵᠦ ᠰᠢᠯᠢᠳᠡᠭᠵᠢᠭᠦᠯᠬᠦ ᠳᠡᠭᠡᠷ᠎ᠡ ᠦᠨᠡᠨᠬᠦ ᠬᠦᠴᠦ ᠣᠷᠣᠭᠤᠯᠵᠤ᠂ ᠬᠡᠪᠴᠢᠶ᠎ᠡ ᠪᠠᠷ ᠶᠡᠭᠡ᠂ ᠲᠠᠷᠢᠶᠠᠴᠢᠳ ᠲᠤ ᠮᠡᠳᠡᠷᠡᠭᠳᠡᠭᠰᠡᠨ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢᠶᠠᠷ ᠲᠣᠪᠣᠶᠢᠮ᠎ᠠ ᠨᠢᠭᠡ ᠪᠦᠯᠦᠭ ᠲᠠᠷᠢᠶᠠᠴᠢᠨ ᠤ ᠬᠤᠷᠰᠢᠶ᠎ᠠ ᠶᠢ ᠡᠭᠦᠳᠦᠨ ᠪᠠᠶᠢᠭᠤᠯᠵᠤ᠂ ᠲᠠᠷᠢᠶᠠᠴᠢᠳ ᠲᠤ ᠦᠨᠳᠦᠰᠦᠨ ᠱᠠᠲᠤᠨ ᠤ ᠬᠤᠷᠰᠢᠶ᠎ᠠ ᠶᠢᠨ ᠬᠥᠭᠵᠢᠯᠲᠡ ᠠᠴᠠ ᠨᠡᠩ ᠤᠯᠠᠨ ᠠᠰᠢᠭ ᠬᠦᠷᠲᠡᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠳᠠᠭᠠᠭᠤᠯᠤᠭᠴᠢ ᠪᠣᠯᠭᠠᠬᠤ ᠬᠡᠷᠡᠭᠲᠡᠢ᠃       ︵ᠭᠤᠷᠪᠠ︶ ᠵᠣᠬᠢᠶᠠᠨ ᠪᠠᠶᠢᠭᠤᠯᠤᠯᠲᠠ ᠪᠠᠭᠤᠷᠠᠢ᠂ ᠰᠢᠨ᠎ᠡ ᠶᠢ ᠡᠭᠦᠳᠬᠦ ᠲᠠᠯ᠎ᠠ ᠪᠠᠷ ᠬᠦᠷᠦᠯᠴᠡᠬᠦ ᠦᠭᠡᠢ᠃ᠬᠡᠰᠡᠭ ᠦᠨᠳᠦᠰᠦᠨ ᠱᠠᠲᠤᠨ ᠤ ᠬᠤᠷᠰᠢᠶ᠎ᠠ ᠶᠢᠨ ᠰᠠᠭᠤᠷᠢ ᠨᠢᠮᠭᠡᠨ᠂ ᠪᠡᠯᠡ ᠮᠥᠩᠭᠦᠨ ᠤ ᠳᠤᠲᠠᠭᠤᠳᠠᠯ ᠶᠡᠭᠡ ᠪᠠᠶᠢᠨ᠎ᠠ᠃ᠵᠠᠷᠢᠮ ᠦᠨᠳᠦᠰᠦᠨ ᠱᠠᠲᠤᠨ ᠤ ᠬᠤᠷᠰᠢᠶᠠᠨ ᠤ ᠬᠠᠮᠢᠶᠠᠷᠤᠯᠲᠠ ᠶᠢᠨ ᠪᠠᠶᠢᠭᠤᠯᠤᠯ ᠬᠤᠴᠤᠷᠤᠩᠭᠤᠢ᠂ ᠦᠨᠳᠦᠰᠦᠨ ᠱᠠᠲᠤᠨ ᠤ ᠲᠥᠬᠦᠭᠡᠷᠦᠮᠵᠢ ᠬᠠᠭᠤᠴᠢᠷᠠᠵᠤ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠡᠭᠦᠳᠦᠨ ᠨᠡᠭᠡᠭᠡᠬᠦ ᠵᠣᠷᠢᠭ ᠰᠠᠨᠠᠭ᠎ᠠ ᠪᠠᠷ ᠳᠤᠲᠠᠮᠠᠭ ᠪᠠᠶᠢᠨ᠎ᠠ᠃ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠰᠢᠰᠲ᠋ᠧᠮ ᠨᠢ ᠤᠯᠠᠮᠵᠢᠯᠠᠯᠲᠤ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠳᠠᠭᠠᠨ ᠰᠡᠳᠬᠢᠯ ᠬᠠᠨᠵᠤ᠂ ᠰᠢᠨ᠎ᠡ ᠵᠠᠮ ᠢ ᠡᠷᠢᠯᠬᠢᠯᠡᠬᠦ᠂ ᠠᠷᠭ᠎ᠠ ᠵᠠᠮ ᠡᠷᠢᠬᠦ ᠳᠡᠭᠡᠨ ᠴᠢᠳᠠᠮᠠᠭᠠᠢ ᠪᠢᠰᠢ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠪᠠᠷ ᠳᠤᠲᠠᠮᠠᠭ ᠪᠠᠶᠢᠵᠤ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠪᠠ ᠲᠠᠷᠢᠶᠠᠯᠠᠩ ᠳᠤ ᠦᠢᠯᠡᠴᠢᠯᠡᠬᠦ ᠬᠢᠷᠢ ᠬᠡᠮᠵᠢᠶ᠎ᠡ ᠥᠨᠳᠥᠷ ᠪᠢᠰᠢ ᠪᠠᠶᠢᠨ᠎ᠠ᠃ᠰᠠᠨᠠᠭᠤᠯᠤᠮᠵᠢ᠄ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠬᠠᠨᠳᠤᠰᠢ ᠳᠤ ᠵᠣᠬᠢᠴᠠᠭᠤᠯᠤᠨ᠂ ᠨᠢᠭᠡ ᠪᠦᠯᠦᠭ ᠪᠦᠷᠢᠨ ᠲᠡᠭᠦᠯᠳᠡᠷ ᠴᠢᠳᠠᠮᠵᠢ ᠲᠠᠢ᠂ ᠠᠷᠠᠳ ᠲᠤ ᠲᠥᠬᠦᠮ ᠦᠵᠡᠭᠦᠯᠬᠦ ᠪᠣᠳᠠᠲᠤ ᠬᠡᠷᠡᠭᠯᠡᠭᠡᠨ ᠤ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠲᠦᠷᠭᠡᠳᠬᠡᠨ ᠪᠠᠶᠢᠭᠤᠯᠵᠤ᠂ ᠦᠢᠯᠡᠴᠢᠯᠡᠭᠡᠨ ᠤ ᠠᠷᠭ᠎ᠠ ᠮᠠᠶ᠋ᠢᠭ ᠪᠠ ᠠᠭᠤᠯᠭ᠎ᠠ ᠶᠢ ᠲᠠᠰᠤᠷᠠᠯᠲᠠ ᠦᠭᠡᠢ ᠰᠢᠨ᠎ᠡ ᠪᠠᠷ ᠡᠭᠦᠳᠴᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠲᠣᠬᠢᠷᠠᠭᠤᠯᠤᠨ ᠬᠦᠷᠭᠡᠬᠦ᠂ ᠲᠠᠷᠢᠶᠠᠯᠠᠩ ᠤᠨ ᠮᠠᠰᠢᠨ ᠢ ᠰᠡᠯᠪᠢᠨ ᠵᠠᠰᠠᠬᠤ᠂ ᠡᠳᠦᠷ ᠲᠤᠲᠤᠮ ᠤᠨ ᠬᠡᠷᠡᠭᠯᠡᠭᠡᠨ ᠤ ᠵᠦᠢᠯ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠤᠯᠲᠠ᠂ ᠠᠵᠢᠯ ᠣᠯᠭᠤᠯᠲᠠ ᠶᠢᠨ ᠪᠣᠯᠪᠠᠰᠤᠷᠠᠭᠤᠯᠤᠯ ᠵᠡᠷᠭᠡ ᠠᠭᠤᠯᠭ᠎ᠠ ᠶᠢ ᠥᠷᠨᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠨᠠᠩ ᠣᠯᠠᠨ ᠪᠣᠳᠠᠲᠤ ᠠᠰᠢᠭ ᠲᠥᠬᠦᠮ ᠦᠢᠯᠡᠴᠢᠯᠡᠭᠡ ᠶᠢ ᠡᠳ᠋ᠯᠡᠭᠦᠯᠬᠦ ᠬᠡᠷᠡᠭᠲᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1