ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠢ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 101 ᠳ᠋ᠦ᠋ᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/7/17
     7 ᠳ᠋ᠤᠭᠠᠷ ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠺᠧ ᠯᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠢ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 101 ᠳ᠋ᠦ᠋ᠭᠡᠷ ᠤᠳᠠᠭᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠪᠠ᠃ ᠶᠡᠷᠦᠩᠬᠡᠢ ᠱᠦᠵᠢ ᠰᠢ ᠶᠢᠨ ᠫᠢᠩ ᠵᠢᠶᠠᠩᠰᠤ ᠳᠤ ᠠᠵᠢᠯ ᠪᠠᠶᠢᠴᠠᠭᠠᠬᠤ ᠳᠠᠭᠠᠨ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠶᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ᠂ ᠬᠤᠳᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 86 ᠳ᠋ᠤᠭᠠᠷ ᠬᠤᠷᠠᠯᠳᠤᠭᠠᠨ ᠤ ᠵᠣᠷᠢᠭ ᠰᠠᠨᠠᠭ᠎ᠠ ᠶᠢ ᠲᠤᠭᠤᠰᠢᠯᠠᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠪᠠ᠃ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠢ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠢ ᠬᠤᠷᠠᠯᠳᠤᠭᠤᠯᠬᠤ ᠬᠤᠯᠪᠣᠭᠳᠠᠯ ᠪᠦᠬᠦᠢ ᠶᠠᠪᠤᠳᠠᠯ ᠤᠳ ᠢ ᠰᠤᠳᠤᠯᠪᠠ᠃ᠪᠦᠬᠦ ᠰᠢᠶᠠᠨ ᠤ ᠦᠶᠡᠷ ᠢ ᠰᠡᠷᠭᠡᠶᠢᠯᠡᠬᠦ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ᠂ ᠪᠦᠬᠦ ᠰᠢᠶᠠᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠪᠡᠯᠡᠳᠬᠡᠯ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠤ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠴᠢᠩ ᠱᠦᠢ ᠾᠧ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠲᠠᠢ ᠤᠶᠠᠯᠳᠤᠭᠤᠯᠵᠤ᠂ ᠡᠯ᠎ᠡ ᠵᠦᠢᠯ ᠤᠨ ᠠᠵᠢᠯ ᠤᠨ ᠳᠤᠮᠳᠠ ᠪᠠᠨ ᠲᠤᠭᠤᠰᠢᠯᠠᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠭᠦᠨᠵᠡᠭᠡᠢ ᠲᠤᠭᠤᠰᠢᠯᠠᠠᠭᠤᠯᠵᠤ᠂ ᠠᠵᠤ ᠦᠢᠯᠡᠰ ᠤᠨ ᠬᠥᠭᠵᠢᠯᠲᠡ ᠶᠢ ᠴᠢᠩᠭ᠎ᠠ ᠠᠩᠬᠠᠷᠴᠤ᠂ ᠲᠥᠷᠥᠯ ᠵᠦᠢᠯ ᠤᠨ ᠠᠬᠢᠴᠠ ᠶᠢ ᠴᠢᠩᠭ᠎ᠠ ᠠᠩᠬᠠᠷᠴᠤ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠩᠬᠠᠷᠴᠤ᠂ ᠬᠦᠷᠢᠶᠡᠯᠡᠩ ᠲᠣᠭᠤᠷᠢᠭ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ ᠴᠢᠩᠭ᠎ᠠ ᠠᠩᠬᠠᠷᠴᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠷᠠᠭᠤᠯᠤᠨ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠴᠢᠳᠠᠪᠤᠷᠢᠲᠠᠨ ᠢ ᠦᠷᠭᠦᠯᠵᠢᠯᠡᠨ ᠣᠷᠣᠭᠤᠯᠤᠨ ᠠᠪᠴᠢᠷᠠᠵᠤ᠂ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠤᠳᠠᠯ ᠦᠭᠡᠢ ︽ᠲᠤᠯᠤᠭ᠎ᠠ ᠤᠳᠠᠭ᠎ᠠ ᠪᠠᠭᠤᠵᠤ ᠨᠠᠢᠮᠠ ᠤᠳᠠᠭ᠎ᠠ ᠭᠠᠷᠬᠤ︾ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠬᠤ ᠪᠠᠷ ᠪᠠᠶᠢᠨ᠎ᠠ᠂ ᠡᠯ᠎ᠡ ᠰᠢᠶᠠᠩ ᠪᠠᠯᠭᠠᠰᠤ ᠳᠠᠯᠳᠠ ᠭᠡᠮ ᠢ ᠴᠡᠭᠴᠡᠯᠡᠨ ᠵᠠᠰᠠᠬᠤ ᠶᠢ ᠤᠷᠢᠳᠴᠢᠯᠠᠨ ᠪᠠᠶᠢᠴᠠᠭᠠᠵᠤ᠂ ᠭᠤᠣᠯᠳᠠᠯᠭ᠎ᠠ ᠲᠠᠢ ᠣᠷᠣᠨ ᠪᠠᠶᠢᠷᠢ ᠪᠣᠯᠣᠨ ᠪᠠᠭᠤᠷᠠᠢ ᠭᠤᠭᠴᠤᠭ᠎ᠠ ᠶᠢᠨ ᠲᠦᠭᠰᠢᠭᠦᠷᠢᠲᠦ ᠪᠠᠶᠢᠳᠠᠯ ᠤᠨ ᠪᠡᠯᠭᠡ ᠲᠡᠮᠳᠡᠭ ᠢ ᠴᠠᠭ ᠲᠤᠬᠠᠢ ᠳᠤᠨᠢ ᠰᠤᠳᠤᠯᠤᠨ ᠮᠠᠭᠠᠳᠯᠠᠵᠤ᠂ ᠪᠣᠷᠣᠭᠠᠨ ᠤ ᠪᠠᠶᠢᠳᠠᠯ ᠦᠶᠡᠷ ᠤᠨ ᠪᠠᠶᠢᠳᠠᠯ ᠢ ᠨᠢᠭᠲᠠ ᠬᠢᠨᠠᠨ ᠬᠡᠮᠵᠢᠵᠦ᠂ ᠤᠷᠢᠳᠴᠢᠯᠠᠨ ᠰᠡᠷᠡᠮᠵᠢᠯᠡᠭᠦᠯᠵᠦ ᠴᠤᠤᠷᠢᠶᠠᠲᠤᠨ ᠳᠠᠭᠠᠬᠤ ᠶᠢ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠪᠣᠯᠣᠨ ᠡᠩᠨᠡᠭᠡᠨ ᠤ ᠡᠳ᠋ ᠪᠣᠳᠠᠰ ᠤᠨ ᠪᠡᠯᠡᠳᠬᠡᠯ ᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠤᠰ ᠤᠳᠠᠭ᠎ᠠ ᠶᠢᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠨᠡᠶᠢᠳᠡᠮ ᠤᠨ ᠪᠠᠶᠢᠴᠠᠭᠠᠯᠲᠠ ᠶᠢᠨ ᠵᠣᠷᠢᠯᠭ᠎ᠠ᠂ ᠨᠡᠶᠢᠳᠡᠮ ᠤᠨ ᠪᠠᠶᠢᠴᠠᠭᠠᠯᠲᠠ ᠶᠢᠨ ᠡᠲᠡᠭᠡᠳ᠂ ᠨᠡᠶᠢᠳᠡᠮ ᠤᠨ ᠪᠠᠶᠢᠴᠠᠭᠠᠯᠲᠠ ᠶᠢᠨ ᠠᠭᠤᠯᠭ᠎ᠠ᠂ ᠨᠡᠶᠢᠳᠡᠮ ᠤᠨ ᠪᠠᠶᠢᠴᠠᠭᠠᠯᠲᠠ ᠶᠢᠨ ᠴᠠᠭ᠂ ᠨᠡᠶᠢᠳᠡᠮ ᠤᠨ ᠪᠠᠶᠢᠴᠠᠭᠠᠯᠲᠠ ᠶᠢᠨ ᠠᠷᠭ᠎ᠠ ᠪᠣᠯᠣᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠵᠡᠷᠭᠡ ᠲᠠᠯ᠎ᠠ ᠶᠢᠨ ᠲᠣᠭᠤᠷᠢᠨ ᠳᠤ ᠱᠠᠲᠤ ᠬᠤᠪᠢᠶᠠᠨ ᠰᠠᠶᠢᠲᠤᠷ ᠪᠣᠯᠪᠠᠰᠤᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠶᠠᠪᠤᠴᠠ ᠶᠢ ᠴᠢᠨᠠᠭᠰᠢᠳᠠ ᠵᠢᠷᠤᠮᠵᠢᠭᠤᠯᠵᠤ᠂ ᠬᠠᠤᠯᠢ ᠶᠣᠰᠣᠭᠠᠷ ᠨᠡᠶᠢᠳᠡᠮ ᠤᠨ ᠪᠠᠶᠢᠴᠠᠭᠠᠯᠲᠠ ᠬᠢᠬᠦ ᠶᠢ ᠴᠢᠩᠳᠠᠯᠠᠵᠤ᠂ ᠪᠠᠶᠢᠴᠠᠭᠠᠯᠲᠠ ᠶᠢᠨ ᠡᠲᠡᠭᠡᠳ ᠤᠨ ᠡᠷᠬᠡ ᠠᠰᠢᠭ ᠢ ᠦᠨᠡᠨᠬᠦ ᠬᠠᠮᠠᠭᠠᠯᠠᠵᠤ᠂ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠨᠠᠶᠢᠳᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ      ᠬᠤᠷᠠᠯ ᠠᠴᠠ 7 ᠳ᠋ᠤᠭᠠᠷ ᠰᠠᠷ᠎ᠠ ᠶᠢᠨ 25 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠢ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠢ ᠬᠤᠷᠠᠯᠳᠤᠭᠤᠯᠬᠤ ᠪᠠᠷ ᠲᠣᠭᠲᠠᠪᠠ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠠᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1