ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨᠴᠢ ᠢᠯᠴᠢ ᠬᠠᠩᠭᠠᠬᠤ ᠵᠢᠱᠢᠶ᠎ᠡ ᠦᠵᠡᠭᠦᠯᠦᠨ ᠳᠡᠯᠭᠡᠷᠡᠭᠦᠯᠬᠦ ᠠᠵᠢᠯ ᠤᠨ ᠲᠦᠰᠦᠯ
ᠨᠡᠶᠢᠲᠡᠯᠡᠭᠰᠡᠨ ᠴᠠᠭ᠄
2023/7/25
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨᠴᠢ ᠢᠯᠴᠢ ᠬᠠᠩᠭᠠᠬᠤ ᠵᠢᠱᠢᠶ᠎ᠡ ᠦᠵᠡᠭᠦᠯᠦᠨ ᠳᠡᠯᠭᠡᠷᠡᠭᠦᠯᠬᠦ ᠠᠵᠢᠯ ᠤᠨ ᠲᠦᠰᠦᠯ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠠᠷᠪᠢᠯᠠᠬᠤ ᠬᠠᠤᠯᠢ︾᠂ ︽ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠳᠦᠷᠢᠮ︾᠂ ︽ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠢᠯᠴᠢ ᠬᠠᠩᠭᠠᠬᠤ ᠬᠡᠮᠵᠢᠯᠲᠡ ᠶᠢᠨ ᠬᠠᠮᠢᠶᠠᠷᠤᠯᠲᠠ ᠶᠢᠨ ᠠᠷᠭ᠎ᠠ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠢᠯᠴᠢ ᠬᠠᠩᠭᠠᠯᠭ᠎ᠠ ᠶᠢᠨ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠣᠷᠭᠢᠯ ᠳᠤ ᠬᠦᠷᠭᠡᠬᠦ ᠶᠢ ᠬᠡᠷᠡᠭᠵᠢᠭᠦᠯᠬᠦ ᠲᠥᠰᠥᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠢᠯᠴᠢ ᠬᠠᠩᠭᠠᠯᠭ᠎ᠠ ᠶᠢᠨ ᠬᠡᠮᠵᠢᠯᠲᠡ ᠶᠢᠨ ᠰᠦᠢᠳᠬᠡᠯ ᠬᠤᠷᠢᠶᠠᠬᠤ ᠥᠭᠡᠷᠡᠴᠢᠯᠡᠯᠲᠡ ᠶᠢ ᠳᠡᠯᠭᠡᠷᠡᠭᠦᠯᠵᠦ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠶᠢ ᠠᠬᠢᠭᠤᠯᠤᠨ᠂ ᠢᠯᠴᠢ ᠬᠠᠩᠭᠠᠯᠭ᠎ᠠ ᠶᠢᠨ ᠣᠶᠤᠨᠴᠢᠯᠠᠯᠲᠠ ᠶᠢ ᠪᠡᠶᠡᠯᠡᠭᠦᠯᠵᠦ᠂ ᠣᠶᠤᠨᠴᠢ ᠢᠯᠴᠢ ᠬᠠᠩᠭᠠᠬᠤ ᠰᠢᠨ᠎ᠡ ᠵᠠᠭᠪᠤᠷ ᠢ ᠪᠣᠶ ᠪᠤᠯᠭᠠᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃               ᠨᠢᠭᠡ᠂ ᠶᠡᠷᠦᠩᠬᠡᠢ ᠬᠠᠷᠠᠯᠲᠠ      ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠨᠡᠮᠡᠭᠳᠡᠭᠦᠯᠬᠦ ᠶᠢ ᠪᠡᠶᠡᠯᠡᠭᠦᠯᠬᠦ ᠪᠠᠷ ᠶᠡᠷᠦᠩᠬᠡᠢ ᠭᠠᠷᠳᠠᠴᠠ ᠪᠣᠯᠭᠠᠵᠤ᠂ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠣᠯ ᠪᠣᠯᠭᠠᠨ᠂ ᠡᠨᠧᠷᠭᠢ ᠡᠬᠢ ᠪᠠᠶᠠᠯᠢᠭ ᠢ ᠠᠷᠪᠢᠯᠠᠬᠤ ᠪᠠ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ ᠢ ᠪᠤᠢ ᠪᠣᠯᠭᠠᠬᠤ ᠶᠢ ᠲᠦᠯᠬᠢᠨ ᠠᠬᠢᠭᠤᠯᠵᠤ᠂ ᠤᠯᠤᠰ ᠤᠨ ︽ᠬᠤᠣᠰ ᠨᠡᠭᠦᠷᠡᠰᠦᠲᠥ᠋ᠷᠥᠭᠴᠢ︾ ᠶᠢᠨ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠬᠠᠷᠠᠯᠲᠠ ᠶᠢ ᠨᠠᠶᠢᠳᠠᠪᠤᠷᠢᠵᠢᠭᠤᠯᠤᠨ᠎ᠠ᠃ 2023 ᠣᠨ ᠠᠴᠠ 2024 ᠣᠨ ᠪᠣᠯᠲᠠᠯᠠᠬᠢ ᠢᠯᠴᠢ ᠬᠠᠩᠭᠠᠬᠤ ᠬᠤᠭᠤᠴᠠᠭ᠎ᠠ ᠠᠴᠠ ᠡᠬᠢᠯᠡᠨ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠦᠬᠠᠢ ᠬᠤᠲᠠ᠂ ᠤᠯᠠᠭᠠᠨᠬᠠᠳᠠ ᠬᠤᠲᠠ ᠶᠢᠨ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠢᠯᠴᠢ ᠬᠠᠩᠭᠠᠬᠤ ᠰᠢᠰᠲ᠋ᠧᠮ ᠳᠤ ᠣᠶᠤᠨᠴᠢ ᠢᠯᠴᠢ ᠬᠠᠩᠭᠠᠬᠤ ᠵᠢᠱᠢᠶ᠎ᠡ ᠦᠵᠡᠭᠦᠯᠦᠨ ᠳᠡᠯᠭᠡᠷᠡᠭᠦᠯᠬᠦ ᠠᠵᠢᠯ ᠢ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠢᠯᠴᠢ ᠬᠠᠩᠭᠠᠬᠤ ᠬᠡᠮᠵᠢᠯᠲᠡ ᠶᠢᠨ ᠰᠦᠢᠳᠬᠡᠯ ᠬᠤᠷᠢᠶᠠᠬᠤ ᠲᠣᠭᠲᠠᠴᠠ ᠶᠢ ᠪᠠᠶᠢᠭᠤᠯᠵᠤ᠂ ᠬᠤᠲᠠ ᠶᠢᠨ ᠢᠯᠴᠢ ᠬᠠᠩᠭᠠᠬᠤ ᠬᠠᠮᠢᠶᠠᠷᠤᠯᠲᠠ ᠶᠢᠨ ᠣᠶᠤᠨᠴᠢᠯᠠᠯᠲᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ ᠬᠠᠮᠤᠭ ᠡᠴᠦᠰ ᠲᠤ ᠣᠶᠤᠨᠴᠢ ᠢᠯᠴᠢ ᠬᠠᠩᠭᠠᠬᠤ ᠶᠢ ᠪᠡᠶᠡᠯᠡᠭᠦᠯᠦᠨ᠎ᠡ᠃                        ᠬᠤᠶᠠᠷ᠂ ᠠᠵᠢᠯ ᠤᠨ ᠡᠭᠦᠷᠭᠡ      ︵ᠨᠢᠭᠡ︶ ᠬᠥᠬᠡᠬᠤᠲᠠ᠂ ᠪᠤᠭᠤᠲᠤ ᠬᠤᠲᠠ ᠶᠢᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠲᠠᠯᠠᠪᠠᠶ ᠶᠢ 500 ᠲᠦᠮᠡᠨ ᠲᠡᠭᠰᠢ ᠳᠥᠷᠪᠡᠯᠵᠢᠨ ᠮᠧᠲᠷ ᠠᠴᠠ ᠪᠠᠭ᠎ᠠ ᠪᠠᠶᠢᠯᠭᠠᠬᠤ ᠦᠭᠡᠢ᠃ ᠤᠯᠠᠭᠠᠨᠬᠠᠳᠠ ᠬᠤᠲᠠ 200 ᠲᠦᠮᠡᠨ ᠲᠡᠭᠰᠢ ᠳᠥᠷᠪᠡᠯᠵᠢᠨ ᠮᠧᠲᠷ ᠠᠴᠠ ᠪᠠᠭ᠎ᠠ ᠪᠠᠶᠢᠵᠤ ᠪᠣᠯᠬᠤ ᠦᠭᠡᠢ᠃ ᠦᠬᠠᠢ ᠬᠤᠲᠠ ᠶᠢᠨ ᠣᠲᠣ ᠶᠢᠨ ᠪᠠᠶᠢᠭ᠎ᠠ ᠰᠠᠭᠤᠷᠢᠨ ᠳᠡᠭᠡᠷ᠎ᠡ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠪᠠᠷᠢᠯᠭ᠎ᠠ ᠳᠤ ᠴᠥᠮ ᠢᠯᠴᠢ ᠬᠠᠩᠭᠠᠯᠭ᠎ᠠ ᠶᠢᠨ ᠬᠡᠮᠵᠢᠯᠲᠡ ᠶᠢ ᠬᠡᠷᠡᠭᠵᠢᠭᠦᠯᠦᠨ᠎ᠡ᠃ ᠣᠷᠳᠣᠰ ᠬᠤᠲᠠ ᠶᠢᠨ ᠬᠢᠶ᠎ᠠ ᠪᠠᠭᠰᠢ ᠰᠢᠨ᠎ᠡ ᠲᠣᠭᠤᠷᠢᠭ ᠲᠤ ᠢᠯᠴᠢ ᠬᠠᠩᠭᠠᠯᠭ᠎ᠠ ᠶᠢᠨ ᠬᠡᠮᠵᠢᠯᠲᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠪᠤᠰᠤᠳ ᠠᠶᠢᠮᠠᠭ ᠬᠤᠲᠠ ᠨᠤᠭᠤᠳ ᠢᠯᠴᠢ ᠬᠠᠩᠭᠠᠬᠤ ᠶᠢ ᠬᠡᠮᠵᠢᠬᠦ ᠪᠡᠯᠡᠳᠬᠡᠯ ᠠᠵᠢᠯ ᠢ ᠰᠠᠶᠢᠲᠤᠷ ᠬᠢᠵᠦ᠂ 2024 ︱ 2025 ᠣᠨ ᠳᠤ ᠣᠷᠣᠨ ᠪᠦᠰᠡ ᠬᠤᠪᠢᠶᠠᠨ ᠵᠢᠱᠢᠶ᠎ᠡ ᠦᠵᠡᠭᠦᠯᠦᠨ ᠳᠡᠯᠭᠡᠷᠡᠭᠦᠯᠦᠨ᠎ᠡ᠃      ︵ᠬᠤᠶᠠᠷ︶ ᠵᠢᠱᠢᠶ᠎ᠡ ᠦᠵᠡᠭᠦᠯᠦᠨ ᠳᠡᠯᠭᠡᠷᠡᠭᠦᠯᠬᠦ ᠬᠤᠲᠠ ᠶᠢᠨ ᠰᠣᠩᠭᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠢᠯᠴᠢ ᠬᠠᠩᠭᠠᠬᠤ ᠶᠢ ᠬᠡᠮᠵᠢᠬᠦ ᠣᠷᠣᠨ ᠪᠦᠰᠡ ᠳᠤ ᠣᠯᠠᠨ ᠨᠡᠶᠢᠲᠡ ᠶᠢᠨ ᠪᠠᠷᠢᠯᠭ᠎ᠠ ᠪᠠ ᠣᠷᠣᠨ ᠰᠠᠭᠤᠴᠠ ᠶᠢᠨ ᠪᠠᠷᠢᠯᠭ᠎ᠠ ᠶᠢ ᠪᠠᠭᠲᠠᠭᠠᠵᠤ᠂ ᠢᠯᠴᠢ ᠬᠠᠩᠭᠠᠬᠤ ᠰᠢᠰᠲ᠋ᠧᠮ ᠨᠢ ᠪᠡᠶ᠎ᠡ ᠪᠠᠨ ᠳᠠᠭᠠᠭᠠᠨ ᠬᠡᠮᠵᠢᠵᠦ᠂ ᠪᠡᠶ᠎ᠡ ᠪᠠᠨ ᠳᠠᠭᠠᠭᠠᠨ ᠲᠣᠭᠠᠴᠠᠭ᠎ᠠ ᠬᠢᠵᠦ ᠳᠡᠶᠢᠯᠬᠦ ᠣᠷᠣᠨ ᠪᠦᠰᠡ ᠶᠢᠨ ᠢᠯᠴᠢ ᠬᠠᠩᠭᠠᠬᠤ ᠥᠪᠡᠷ ᠤᠨ ᠥᠷᠲᠡᠭ ᠢ ᠪᠠᠭᠲᠠᠭᠠᠨ᠎ᠠ᠃      ︵ᠭᠤᠷᠪᠠ︶ ᠵᠢᠱᠢᠶ᠎ᠡ ᠦᠵᠡᠭᠦᠯᠦᠨ ᠳᠡᠯᠭᠡᠷᠡᠭᠦᠯᠬᠦ ᠬᠤᠲᠠ ᠨᠢ 2023 ᠣᠨ ᠤ 6 ᠳ᠋ᠤᠭᠠᠷ ᠰᠠᠷ᠎ᠠ ᠶᠢᠨ 20 ᠤ ᠡᠳᠦᠷ ᠠᠴᠠ ᠡᠮᠦᠨ᠎ᠡ ᠵᠢᠱᠢᠶ᠎ᠡ ᠦᠵᠡᠭᠦᠯᠦᠨ ᠳᠡᠯᠭᠡᠷᠡᠭᠦᠯᠬᠦ ᠠᠵᠢᠯ ᠤᠨ ᠲᠥᠰᠥᠯ ᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠦᠨ᠎ᠡ᠃      ︵ᠳᠥᠷᠪᠡ︶ ᠵᠢᠱᠢᠶ᠎ᠡ ᠦᠵᠡᠭᠦᠯᠦᠨ ᠳᠡᠯᠭᠡᠷᠡᠭᠦᠯᠬᠦ ᠬᠤᠲᠠ ᠨᠢ 2023 ᠣᠨ ᠤ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠢᠯᠴᠢ ᠬᠠᠩᠭᠠᠯᠭ᠎ᠠ ᠶᠢᠨ ᠬᠡᠮᠵᠢᠯᠲᠡ ᠶᠢᠨ ᠰᠦᠢᠳᠬᠡᠯ ᠬᠤᠷᠢᠶᠠᠬᠤ ᠠᠷᠭ᠎ᠠ ᠶᠢ ᠲᠣᠭᠲᠠᠭᠠᠬᠤ ᠶᠢ ᠪᠡᠶᠡᠯᠡᠭᠦᠯᠦᠨ᠎ᠡ᠃      ︵ᠲᠠᠪᠤ︶ ᠵᠢᠱᠢᠶ᠎ᠡ ᠦᠵᠡᠭᠦᠯᠦᠨ ᠳᠡᠯᠭᠡᠷᠡᠭᠦᠯᠬᠦ ᠬᠤᠲᠠ ᠨᠢ 2023 ᠣᠨ ᠤ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠢᠯᠴᠢ ᠬᠠᠩᠭᠠᠬᠤ ᠣᠷᠣᠨ ᠪᠦᠰᠡ ᠶᠢᠨ ᠢᠯᠴᠢ ᠬᠠᠩᠭᠠᠬᠤ ᠶᠢ ᠬᠡᠮᠵᠢᠬᠦ ᠲᠣᠨᠤᠭ ᠲᠥᠬᠦᠭᠡᠷᠦᠮᠵᠢ ᠶᠢ ᠤᠭᠰᠠᠷᠠᠭᠤᠯᠬᠤ ᠪᠤᠶᠤ ᠤᠤᠯ ᠤᠨ ᠪᠠᠶᠢᠭᠰᠠᠨ ᠢᠯᠴᠢ ᠬᠠᠩᠭᠠᠬᠤ ᠶᠢ ᠬᠡᠮᠵᠢᠬᠦ ᠲᠣᠨᠤᠭ ᠲᠥᠬᠦᠭᠡᠷᠦᠮᠵᠢ ᠶᠢ ᠰᠡᠯᠪᠢᠨ ᠵᠠᠰᠠᠬᠤ᠂ ᠰᠢᠨᠡᠳᠬᠡᠬᠦ ᠶᠢ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠪᠡᠶᠡᠯᠡᠭᠦᠯᠵᠦ᠂ ᠢᠯᠴᠢ ᠬᠠᠩᠭᠠᠬᠤ ᠶᠢ ᠬᠡᠮᠵᠢᠬᠦ ᠡᠯ᠎ᠡ ᠵᠦᠢᠯ ᠤᠨ ᠳᠡᠯᠭᠡᠷᠡᠭᠦᠯᠬᠦ‌‍ᠴᠢᠳᠠᠮᠵᠢ ᠶᠢ ᠪᠦᠷᠢᠳᠦᠭᠦᠯᠦᠨ᠎ᠡ᠃ ᠢᠯᠴᠢ ᠬᠠᠩᠭᠠᠬᠤ ᠨᠢᠭᠡᠴᠢ ᠶᠢ ᠵᠢᠱᠢᠶ᠎ᠡ ᠦᠵᠡᠭᠦᠯᠦᠨ ᠳᠡᠯᠭᠡᠷᠡᠭᠦᠯᠵᠦ ᠢᠯᠴᠢ ᠬᠠᠩᠭᠠᠬᠤ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠶᠢᠨ ᠠᠵᠢᠯ ᠢ ᠪᠡᠶᠡᠯᠡᠭᠦᠯᠬᠦ ᠬᠡᠷᠡᠭᠲᠡᠢ᠃      ︵ᠵᠢᠷᠭᠤᠭ᠎ᠠ︶ ᠵᠢᠱᠢᠶ᠎ᠡ ᠦᠵᠡᠭᠦᠯᠦᠨ ᠳᠡᠯᠭᠡᠷᠡᠭᠦᠯᠬᠦ ᠬᠤᠲᠠ ᠶᠢᠨ ᠵᠢᠱᠢᠶ᠎ᠡ ᠦᠵᠡᠭᠦᠯᠬᠦ ᠣᠷᠣᠨ ᠪᠦᠰᠡ ᠳᠤ 2023 ︱ 2024 ᠣᠨ ᠤ ᠢᠯᠴᠢ ᠬᠠᠩᠭᠠᠬᠤ ᠤᠯᠠᠷᠢᠯ ᠳᠤ ᠢᠯᠴᠢ ᠬᠠᠩᠭᠠᠯᠭ᠎ᠠ ᠶᠢᠨ ᠬᠡᠮᠵᠢᠯᠲᠡ ᠶᠢᠨ ᠰᠦᠢᠳᠬᠡᠯ ᠬᠤᠷᠢᠶᠠᠬᠤ ᠶᠢ ᠬᠡᠷᠡᠭᠵᠢᠭᠦᠯᠦᠨ᠎ᠡ᠃                           ᠭᠤᠷᠪᠠ᠂ ᠠᠵᠢᠯ ᠤᠨ ᠱᠠᠭᠠᠷᠳᠠᠯᠭ᠎ᠠ      ︵ᠨᠢᠭᠡ︶ ᠢᠯᠴᠢ ᠬᠠᠩᠭᠠᠬᠤ ᠡᠨᠧᠷᠭᠢ ᠶᠢᠨ ᠬᠤᠷᠣᠭᠳᠠᠭᠤᠯᠭ᠎ᠠ ᠶᠢᠨ ᠬᠢᠷᠢ ᠬᠡᠮᠵᠢᠶ᠎ᠡ ᠶᠢ ᠭᠤᠣᠯᠳᠠᠯᠭ᠎ᠠ ᠲᠠᠢ ᠠᠩᠬᠠᠷᠴᠤ᠂ ᠢᠯᠴᠢ ᠬᠠᠩᠭᠠᠬᠤ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠢᠯᠴᠢ ᠬᠠᠩᠭᠠᠬᠤ ᠡᠨᠧᠷᠭᠢ ᠠᠷᠪᠢᠯᠠᠵᠤ ᠬᠤᠷᠣᠭᠳᠠᠭᠤᠯᠭ᠎ᠠ ᠶᠢ ᠪᠠᠭᠠᠰᠬᠠᠬᠤ ᠶᠢ ᠪᠡᠶᠡᠯᠡᠭᠦᠯᠦᠨ᠎ᠡ᠃      ︵ᠬᠤᠶᠠᠷ︶ ᠮᠡᠳᠡᠭᠡ ᠵᠠᠩᠭᠢᠵᠢᠯᠲᠠ ᠶᠢᠨ ᠮᠡᠷᠭᠡᠵᠢᠯ ᠢ ᠭᠦᠢᠴᠡᠳ ᠠᠰᠢᠭᠯᠠᠨ᠂ ᠢᠯᠴᠢ ᠬᠠᠩᠭᠠᠬᠤ ᠡᠬᠢ ᠰᠤᠷᠪᠤᠯᠵᠢ᠂ ᠰᠦᠯᠵᠢᠶ᠎ᠡ᠂ ᠥᠷᠲᠡᠭᠡ᠂ ᠡᠷᠦᠬᠡ ᠶᠢᠨ ᠪᠥᠬᠦ ᠬᠡᠯᠬᠢᠶᠡᠰᠦ ᠶᠢᠨ ᠣᠶᠤᠨᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃      ︵ᠭᠤᠷᠪᠠ︶ ᠲᠣᠰ ᠭᠠᠵᠠᠷ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠢᠯᠴᠢ ᠬᠠᠩᠭᠠᠬᠤ ᠶᠢ ᠬᠡᠮᠵᠢᠬᠦ ᠮᠡᠷᠭᠡᠵᠢᠯ ᠤᠨ ᠵᠠᠮ ᠱᠤᠭᠤᠮ ᠢ ᠰᠢᠨᠵᠢᠯᠡᠬᠦ ᠤᠬᠠᠭᠠᠨᠴᠢ ᠪᠠᠷ ᠰᠣᠩᠭᠤᠵᠤ᠂ ᠡᠯ᠎ᠡ ᠲᠠᠯ᠎ᠠ ᠶᠢᠨ ᠢᠳᠡᠪᠬᠢᠵᠢᠯ ᠢ ᠳᠠᠶᠢᠴᠢᠯᠠᠨ᠂ ᠢᠯᠴᠢ ᠬᠠᠩᠭᠠᠬᠤ ᠠᠵᠤ ᠠᠬᠤᠶᠢᠯᠠᠯ᠂ ᠰᠠᠭᠤᠭᠠᠯᠢ ᠠᠷᠠᠳ ᠤᠨ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠬᠥᠲᠥᠯᠥᠨ ᠵᠢᠯᠣᠭᠤᠳᠤᠨ᠎ᠠ᠃      ︵ᠳᠥᠷᠪᠡ︶ ᠬᠡᠮᠵᠢᠯᠲᠡ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ᠂ ᠬᠡᠮᠵᠢᠯᠲᠡ ᠶᠢᠨ ᠰᠦᠢᠳᠬᠡᠯ ᠬᠤᠷᠢᠶᠠᠬᠤ ᠶᠢᠨ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠶᠢᠬᠤ ᠶᠢ ᠦᠨᠡᠨᠬᠦ ᠪᠠᠲᠤᠯᠠᠨ᠎ᠠ᠃      ︵ᠲᠠᠪᠤ︶ ᠬᠠᠷᠢᠮᠠᠬᠠᠢ ᠴᠢᠨᠠᠷᠲᠠᠢ ᠢᠯᠴᠢ ᠬᠠᠩᠭᠠᠬᠤ ᠲᠣᠭᠲᠠᠴᠠ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠢᠯᠴᠢ ᠬᠡᠷᠡᠭᠯᠡᠬᠦ ᠡᠷᠥᠭᠡ ᠲᠤ ᠬᠠᠩᠭᠠᠬᠤ ᠢᠯᠴᠢ ᠬᠠᠩᠭᠠᠬᠤ ᠴᠠᠭ ᠢ ︽ᠬᠠᠷᠢᠮᠠᠬᠠᠢ ᠴᠢᠨᠠᠷᠵᠢᠭᠤᠯᠬᠤ︾᠂ ᠢᠯᠴᠢ ᠬᠡᠷᠡᠭᠯᠡᠬᠦ ᠠᠷᠭ᠎ᠠ ᠮᠠᠶ᠋ᠢᠭ ᠢ ︽ᠥᠪᠡᠷᠮᠢᠴᠡᠵᠢᠭᠦᠯᠬᠦ︾ ᠶᠢ ᠠᠯᠬᠤᠮ ᠠᠯᠬᠤᠮ ᠢᠶᠠᠷ ᠪᠠᠶᠢᠭᠤᠯᠵᠤ᠂ ᠬᠡᠷᠡᠭᠴᠡᠭᠡ ᠪᠠᠷ ᠨᠢ ᠢᠯᠴᠢ ᠬᠡᠷᠡᠭᠯᠡᠬᠦ ᠶᠢ ᠪᠡᠶᠡᠯᠡᠭᠦᠯᠦᠨ᠎ᠡ᠃                           ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠣᠶᠤᠨᠴᠢ ᠢᠯᠴᠢ ᠬᠠᠩᠭᠠᠬᠤ ᠶᠢ ᠵᠢᠱᠢᠶ᠎ᠡ ᠦᠵᠡᠭᠦᠯᠦᠨ ᠳᠡᠯᠭᠡᠷᠡᠭᠦᠯᠬᠦ ᠠᠵᠢᠯ ᠢ ᠬᠠᠮᠲᠤᠪᠠᠷ ᠠᠬᠢᠭᠤᠯᠵᠤ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠶᠢ ᠪᠡᠶᠡᠯᠡᠭᠦᠯᠬᠦ ᠬᠡᠷᠡᠭᠲᠡᠢ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ  ᠨᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠵᠢᠱᠢᠶ᠎ᠡ ᠦᠵᠡᠭᠦᠯᠦᠨ ᠳᠡᠯᠭᠡᠷᠡᠭᠦᠯᠬᠦ ᠬᠤᠲᠠ ᠶᠢᠨ ᠠᠵᠢᠯ ᠤᠨ ᠵᠢᠯᠣᠭᠤᠳᠤᠯᠭ᠎ᠠ ᠶᠢ ᠴᠢᠩᠭᠠᠳᠬᠠᠨ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠰᠤᠳᠤᠯᠤᠨ ᠮᠠᠭᠠᠳᠯᠠᠵᠤ᠂ ᠵᠢᠱᠢᠶ᠎ᠡ ᠦᠵᠡᠭᠦᠯᠦᠨ ᠳᠡᠯᠭᠡᠷᠡᠭᠦᠯᠬᠦ ᠠᠵᠢᠯ ᠤᠨ ᠲᠤᠷᠰᠢᠯᠭ᠎ᠠ ᠶᠢ ᠳ᠋ᠦᠩᠨᠡᠨ᠂ ᠢᠯᠴᠢ ᠬᠠᠩᠭᠠᠬᠤ ᠶᠢ ᠣᠶᠤᠨᠴᠢᠯᠠᠬᠤ᠂ ᠤᠬᠠᠨᠴᠢᠯᠠᠬᠤ ᠶᠢ ᠠᠯᠬᠤᠮ ᠠᠯᠬᠤᠮ ᠢᠶᠠᠷ ᠠᠬᠢᠭᠤᠯᠬᠤ ᠬᠡᠷᠡᠭᠲᠡᠢ︔ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠡᠯ᠎ᠡ ᠭᠠᠵᠠᠷ ᠢ ᠵᠢᠯᠣᠭᠤᠳᠤᠨ ᠢᠯᠴᠢ ᠬᠠᠩᠭᠠᠬᠤ ᠦᠨ᠎ᠡ ᠬᠠᠩᠰᠢ ᠶᠢᠨ ᠥᠪᠡᠷ ᠤᠨ ᠥᠷᠲᠡᠭ ᠤᠨ ᠬᠢᠨᠠᠨ ᠪᠠᠶᠢᠴᠠᠭᠠᠯᠲᠠ ᠶᠢ ᠨᠠᠷᠢᠨ ᠬᠢᠨᠠᠮᠠᠭᠠᠢ ᠥᠷᠨᠢᠭᠦᠯᠵᠦ ᠂ ᠢᠯᠴᠢ ᠬᠠᠩᠭᠠᠬᠤ ᠬᠡᠮᠵᠢᠯᠲᠡ ᠶᠢᠨ ᠦᠨ᠎ᠡ ᠬᠠᠩᠰᠢ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠡᠯ᠎ᠡ ᠭᠠᠵᠠᠷ ᠢ ᠵᠢᠯᠣᠭᠤᠳᠤᠨ ᠬᠡᠮᠵᠢᠯᠲᠡ ᠶᠢᠨ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠤᠨ ᠦᠢᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠵᠢᠴᠢ ᠪᠠᠶᠢᠴᠠᠭᠠᠨ ᠰᠢᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠣᠶᠤᠨᠴᠢ ᠢᠯᠴᠢ ᠬᠠᠩᠭᠠᠬᠤ ᠵᠢᠱᠢᠶ᠎ᠡ ᠦᠵᠡᠭᠦᠯᠦᠨ ᠳᠡᠯᠭᠡᠷᠡᠭᠦᠯᠬᠦ ᠠᠵᠢᠯ ᠢ ᠳᠡᠮᠵᠢᠬᠦ ᠬᠡᠷᠡᠭᠲᠡᠢ᠃ ᠢᠯᠴᠢ ᠬᠠᠩᠭᠠᠬᠤ ᠵᠢᠱᠢᠶ᠎ᠡ ᠦᠵᠡᠭᠦᠯᠦᠨ ᠳᠡᠯᠭᠡᠷᠡᠭᠦᠯᠬᠦ ᠬᠤᠲᠠ ᠨᠤᠭᠤᠳ ᠬᠡᠮᠵᠢᠯᠳᠡ ᠪᠠᠷ ᠢᠯᠴᠢ ᠬᠠᠩᠭᠠᠬᠤ ᠶᠢ ᠳᠡᠯᠭᠡᠷᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠠᠵᠢᠯ ᠤᠨ ᠲᠥᠰᠥᠯ ᠢᠶᠠᠨ ᠨᠠᠷᠢᠯᠢᠭᠵᠢᠭᠤᠯᠤᠨ᠂ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠢᠶᠠᠷ ᠥᠷᠨᠢᠭᠦᠯᠬᠦ ᠬᠡᠷᠡᠭᠲᠡᠢ᠃      ︵ᠬᠤᠶᠠᠷ︶ ᠭᠤᠤᠯ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠠᠴᠠ ᠣᠷᠣᠨ ᠤ ᠳᠣᠲᠣᠷ᠎ᠠ ᠭᠠᠳᠠᠨᠠᠬᠢ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ᠂ ᠮᠡᠷᠭᠡᠵᠢᠯ ᠤᠨ ᠦᠢᠯᠡᠴᠢᠯᠡᠭᠡᠨ ᠤ ᠳᠤᠭᠤᠶᠢᠯᠠᠩ ᠪᠠᠶᠢᠭᠤᠯᠵᠤ᠂ ᠣᠶᠤᠨᠴᠢ ᠢᠯᠴᠢ ᠬᠠᠩᠭᠠᠬᠤ ᠠᠵᠢᠯ ᠢ ᠵᠢᠯᠤᠭᠤᠳᠤᠭᠤᠯᠤᠨ᠎ᠠ᠃ ᠡᠯ᠎ᠡ ᠭᠠᠵᠠᠷ ᠤᠨ ᠬᠢᠨ ᠣᠶᠤᠨᠴᠢ ᠢᠯᠴᠢ ᠬᠠᠩᠭᠠᠬᠤ ᠠᠵᠢᠯ ᠬᠢᠭᠡᠳ ᠬᠤᠲᠠ ᠪᠠᠯᠭᠠᠰᠤ ᠶᠢᠨ ᠢᠯᠴᠢ ᠬᠠᠩᠭᠠᠬᠤ ᠶᠢ ᠪᠠᠲᠤᠯᠠᠬᠤ ᠠᠵᠢᠯ ᠢ ᠣᠷᠭᠠᠨᠢᠭ ᠢᠶᠠᠷ ᠤᠶᠠᠯᠳᠤᠭᠤᠯᠤᠨ᠂ ᠨᠢᠭᠡ ᠴᠣᠭᠴᠠᠵᠢᠭᠤᠯᠤᠨ ᠠᠬᠢᠭᠤᠯᠵᠤ᠂ ᠢᠯᠴᠢ ᠬᠠᠩᠭᠠᠬᠤ ᠬᠡᠮᠵᠢᠯᠲᠡ ᠶᠢᠨ ᠥᠭᠡᠷᠡᠴᠢᠯᠡᠯᠲᠡ ᠶᠢ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ᠂ ᠢᠯᠴᠢ ᠬᠠᠩᠭᠠᠬᠤ ᠬᠤᠭᠤᠯᠠᠢ ᠶᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ ᠳᠤ ᠣᠷᠣᠭᠤᠯᠬᠤ ᠬᠡᠷᠡᠭᠲᠡᠢ᠃ ᠵᠢᠱᠢᠶ᠎ᠡ ᠦᠵᠡᠭᠦᠯᠦᠨ ᠳᠡᠯᠭᠡᠷᠡᠭᠦᠯᠬᠦ ᠬᠤᠲᠠ ᠨᠤᠭᠤᠳ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠤᠷᠰᠢᠯᠲᠠ ᠶᠢᠨ ᠴᠡᠭ ᠤᠨ ᠠᠵᠢᠯ ᠤᠨ ᠲᠥᠷᠥ ᠶᠢᠨ ᠪᠣᠳᠣᠯᠭ᠎ᠠ ᠶᠢ ᠢᠴᠢ ᠪᠦᠷᠢᠯᠳᠦᠭᠦᠯᠦᠨ᠂ ᠬᠡᠮᠵᠢᠯᠲᠡ ᠶᠢᠨ ᠦᠨ᠎ᠡ ᠬᠠᠩᠰᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠦᠨ᠂ ᠨᠡᠶᠢᠭᠡᠮ ᠤᠨ ᠬᠥᠷᠥᠩᠭᠡ ᠶᠢᠨ ᠢᠯᠴᠢ ᠬᠠᠩᠭᠠᠬᠤ ᠶᠢ ᠬᠡᠮᠵᠢᠬᠦ ᠲᠤᠷᠰᠢᠯᠲᠠ ᠶᠢᠨ ᠴᠡᠭ ᠤᠨ ᠡᠯ᠎ᠡ ᠱᠠᠲᠤ ᠦᠶ᠎ᠡ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠲᠤᠷᠰᠢᠯᠲᠠ ᠶᠢᠨ ᠴᠡᠭ ᠤᠨ ᠠᠵᠢᠯ ᠳᠤ ᠪᠡᠯᠡ ᠮᠥᠩᠭᠦ ᠶᠢᠨ ᠪᠠᠲᠤᠯᠠᠭ᠎ᠠ ᠬᠠᠩᠭᠠᠵᠤ᠂ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠬᠤ ᠶᠢ ᠲᠦᠯᠬᠢᠨ ᠠᠬᠢᠭᠤᠯᠤᠨ᠎ᠠ᠃      ︵ᠭᠤᠷᠪᠠ︶ ᠬᠢᠨᠠᠯᠲᠠ ᠲᠠᠯᠪᠢᠵᠤ ᠵᠢᠯᠤᠭᠤᠳᠬᠤ ᠪᠠᠨ ᠴᠢᠩᠭᠠᠷᠠᠭᠤᠯᠤᠨ᠎ᠠ᠃ ᠵᠢᠱᠢᠶ᠎ᠡ ᠦᠵᠡᠭᠦᠯᠦᠨ ᠳᠡᠯᠭᠡᠷᠡᠭᠦᠯᠬᠦ ᠬᠤᠲᠠ ᠨᠤᠭᠤᠳ ᠢᠯᠴᠢ ᠬᠠᠩᠭᠠᠬᠤ ᠶᠢ ᠬᠡᠮᠵᠢᠬᠦ ᠠᠵᠢᠯ ᠳᠤ ᠬᠢᠨᠠᠯᠲᠠ ᠲᠠᠯᠪᠢᠵᠤ ᠵᠢᠯᠤᠭᠤᠳᠬᠤ ᠪᠠᠨ ᠴᠢᠩᠭᠠᠳᠬᠠᠵᠤ᠂ ᠰᠢᠯᠭᠠᠨ ᠦᠨᠡᠯᠡᠬᠦ ᠲᠣᠭᠲᠠᠴᠠ ᠶᠢ ᠪᠠᠶᠢᠭᠤᠯᠤᠨ᠂ ᠰᠢᠯᠭᠠᠨ ᠬᠢᠨᠠᠬᠤ ᠠᠷᠭ᠎ᠠ ᠶᠢ ᠲᠣᠭᠲᠠᠭᠠᠵᠤ᠂ ᠰᠢᠯᠭᠠᠨ ᠬᠢᠨᠠᠵᠤ ᠰᠢᠯᠭᠠᠨ ᠲᠣᠭᠲᠠᠭᠠᠬᠤ ᠶᠢ ᠴᠢᠩᠭᠠᠷᠠᠭᠤᠯᠬᠤ ᠬᠡᠷᠡᠭᠲᠡᠢ᠃ ᠢᠯᠴᠢ ᠬᠠᠩᠭᠠᠬᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠢᠯᠴᠢ ᠬᠠᠩᠭᠠᠯᠭ᠎ᠠ ᠶᠢᠨ ᠬᠡᠮᠵᠢᠯᠲᠡ ᠶᠢ ᠳᠡᠯᠭᠡᠷᠡᠭᠦᠯᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠢᠯᠴᠢ ᠬᠠᠩᠭᠠᠯᠭ᠎ᠠ ᠶᠢᠨ ᠬᠡᠮᠵᠢᠯᠲᠡ ᠶᠢᠨ ᠰᠢᠰᠲ᠋ᠧᠮ ᠤᠨ ᠲᠣᠬᠢᠷᠠᠭᠤᠯᠤᠯᠲᠠ᠂ ᠠᠰᠠᠭᠤᠳᠠᠯ ᠢ ᠰᠤᠳᠤᠯᠬᠤ᠂ ᠵᠥᠷᠢᠴᠡᠯ ᠢ ᠠᠷᠢᠯᠭᠠᠬᠤ ᠵᠡᠷᠭᠡ ᠠᠵᠢᠯ ᠢ ᠬᠢᠨᠠᠮᠠᠭᠠᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠢᠯᠴᠢ ᠬᠠᠩᠭᠠᠯᠭ᠎ᠠ ᠶᠢᠨ ᠬᠡᠮᠵᠢᠯᠲᠡ ᠶᠢᠨ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠬᠦ ᠳᠤ ᠭᠦᠢᠴᠡᠳ ᠬᠠᠮᠢᠶᠠᠷᠤᠯᠲᠠ ᠶᠢᠨ ᠲᠤᠷᠰᠢᠯᠭ᠎ᠠ ᠪᠠ ᠰᠢᠨᠵᠢᠯᠡᠬᠦ ᠤᠬᠠᠭᠠᠨᠴᠢ ᠲᠤᠭ᠎ᠠ ᠪᠠᠷᠢᠮᠲᠠ ᠶᠢᠨ ᠬᠤᠷᠠᠮᠳᠤᠭᠤᠯᠤᠯ ᠢ ᠬᠠᠩᠭᠠᠬᠤ ᠬᠡᠷᠡᠭᠲᠡᠢ᠃      ︵ᠳᠥᠷᠪᠡ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ ᠡᠯ᠎ᠡ ᠠᠶᠢᠮᠠᠭ ᠬᠤᠲᠠ ᠨᠤᠭᠤᠳ ᠢᠯᠴᠢ ᠬᠠᠩᠭᠠᠬᠤ ᠬᠡᠮᠵᠢᠯᠲᠡ ᠶᠢᠨ ᠤᠬᠠᠭᠤᠯᠭ᠎ᠠ ᠪᠠ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠤᠬᠠᠭᠤᠯᠭ᠎ᠠ ᠶᠢᠨ ᠢᠯᠴᠢ ᠬᠠᠩᠭᠠᠬᠤ ᠬᠡᠮᠵᠢᠯᠲᠡ ᠶᠢᠨ ᠮᠡᠳᠡᠯᠭᠡ᠂ ᠢᠯᠴᠢ ᠬᠠᠩᠭᠠᠬᠤ ᠬᠡᠮᠵᠢᠯᠲᠡ ᠶᠢᠨ ᠴᠢᠬᠤᠯᠠ ᠠᠴᠢ ᠬᠤᠯᠪᠣᠭᠳᠠᠯ᠂ ᠬᠠᠷᠠᠯᠲᠠᠲᠤ ᠡᠭᠦᠷᠭᠡ ᠵᠢᠴᠢ ᠴᠢᠬᠤᠯᠠ ᠠᠷᠭ᠎ᠠ ᠬᠡᠮᠵᠢᠶ᠎ᠡ ᠶᠢ ᠭᠦᠢᠴᠡᠳ ᠠᠰᠢᠭᠯᠠᠨ᠂ ᠢᠯᠴᠢ ᠬᠡᠷᠡᠭᠯᠡᠬᠦ ᠡᠷᠦᠬᠡ ᠶᠢᠨ ᠣᠶᠢᠯᠠᠭᠠᠯᠲᠠ ᠪᠠ ᠳᠡᠮᠵᠢᠯᠭᠡ ᠶᠢ ᠣᠯᠵᠤ᠂ ᠢᠯᠴᠢ ᠬᠡᠷᠡᠭᠯᠡᠬᠦ ᠡᠷᠦᠬᠡ ᠶᠢᠨ ᠢᠯᠴᠢ ᠬᠠᠩᠭᠠᠬᠤ ᠬᠡᠮᠵᠢᠯᠲᠡ ᠶᠢᠨ ᠥᠭᠡᠷᠡᠴᠢᠯᠡᠯᠲᠡ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠦᠨ᠂ ᠢᠯᠴᠢ ᠬᠠᠩᠭᠠᠬᠤ ᠬᠡᠮᠵᠢᠯᠲᠡ ᠶᠢᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠤᠲᠠ ᠶᠢᠨ ᠬᠠᠮᠢᠶᠠᠷᠤᠯᠲᠠ ᠶᠢᠨ ᠭᠠᠵᠠᠷ
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1