ᠴᠢᠨᠠᠷ ᠰᠠᠶᠢᠲᠠᠢ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠤᠯᠠᠮ ᠨᠢᠭᠡ ᠠᠯᠬᠤᠮ ᠪᠠᠶᠢᠭᠤᠯᠤᠨ᠎ᠠ
ᠨᠡᠶᠢᠲᠡᠯᠡᠭᠰᠡᠨ ᠴᠠᠭ᠄
2023/7/25
       ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠲᠦᠷᠭᠡᠨ ᠢᠶᠠᠷ ᠬᠥᠭᠵᠢᠵᠦ᠂ ᠠᠷᠠᠳ ᠣᠯᠠᠨ ᠤ ᠶᠠᠪᠤᠵᠤ ᠰᠠᠭᠤᠬᠤ ᠴᠠᠬᠢᠯᠭᠠᠨ ᠴᠡᠨᠡᠭᠯᠡᠬᠦ ᠬᠡᠷᠡᠭᠴᠡᠭᠡ ᠶᠡᠭᠡ ᠪᠠᠷ ᠨᠡᠮᠡᠭᠳᠡᠵᠦ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠨᠠᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠡᠨᠡ ᠵᠢᠯ ᠤᠨ 4 ᠳ᠋ᠤᠭᠡᠷ ᠰᠠᠷ᠎ᠠ ᠶᠢᠨ ᠰᠡᠭᠦᠯᠴᠢ ᠪᠠᠷ ᠬᠤᠷᠠᠯᠳᠤᠭᠰᠠᠨ ᠳᠣᠮᠳᠠᠳᠪ᠊ ᠤᠯᠤᠰ ᠤᠨ ᠡᠪ ᠬᠠᠮᠳᠦ ᠨᠠᠮ ᠤᠨ ᠲᠥᠪ ᠬᠤᠷᠢᠶᠠᠨ ᠤ ᠤᠯᠤᠰ ᠳᠣᠶᠢᠷᠪ᠊ ᠶᠢᠨ ᠲᠣᠪᠴᠢᠶᠠᠨ ᠤ ᠬᠤᠷᠠᠯᠳᠤᠭᠠᠨ ᠠᠴᠠ᠄ ︽ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠭᠵᠢᠯᠲᠡ ᠶᠢᠨ ᠳᠠᠪᠠᠭᠤᠯᠢᠭ  ᠢ ᠪᠠᠬᠢᠵᠢᠭᠦᠯᠦᠨ ᠥᠷᠭᠡᠳᠬᠡᠵᠦ᠂ ᠴᠠᠬᠢᠯᠭᠠᠨ ᠴᠡᠨᠡᠭᠯᠡᠬᠦ ᠪᠠᠭᠠᠨ᠎ᠠ᠂ ᠡᠨᠧᠷᠭᠢ ᠬᠠᠳᠠᠭᠠᠯᠠᠬᠤ ᠵᠡᠷᠭᠡ ᠲᠥᠬᠦᠭᠡᠷᠦᠮᠵᠢ  ᠶᠢᠨ ᠪᠦᠲᠦᠭᠡᠨ ᠪᠠᠶᠢᠭᠤᠯᠤᠯᠲᠠ ᠪᠣᠯᠣᠨ ᠢᠵᠢ ᠪᠦᠷᠢᠳᠦᠭᠦᠯᠬᠦ ᠴᠠᠬᠢᠯᠭᠠᠨ ᠲᠣᠣᠷ ᠤᠨ ᠥᠭᠡᠷᠡᠴᠢᠯᠡᠯᠲᠡ ᠶᠢ ᠲᠦᠷᠭᠡᠪᠴᠢᠯᠡᠨ ᠲᠦᠯᠬᠢᠨ ᠠᠬᠢᠭᠤᠯᠤᠨ᠎ᠠ ᠭᠡᠵᠦ ᠲᠤᠷᠠᠳᠤᠨ ᠭᠠᠷᠭᠠᠵᠠᠢ᠃ ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠴᠢᠨᠠᠷ ᠰᠠᠶᠢᠲᠠᠢ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠤᠯᠠᠮ ᠨᠢᠭᠡ ᠠᠯᠬᠤᠮ ᠪᠠᠶᠢᠭᠤᠯᠬᠤ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ᠂ ᠵᠣᠬᠢᠰᠲᠠᠢ ᠪᠠᠷ ᠤᠷᠢᠳᠴᠢᠯᠠᠭᠤᠯᠬᠤ᠂ ᠰᠢᠨ᠎ᠡ ᠶᠢ ᠡᠭᠦᠳᠦᠨ ᠠᠭᠤᠰᠤᠯᠴᠠᠭᠤᠯᠬᠤ᠂ ᠠᠮᠤᠷ ᠲᠦᠪᠰᠢᠨ ᠪᠥᠭᠡᠳ ᠳᠥᠭᠦᠮ ᠳᠥᠲᠡ ᠪᠠᠶᠢᠬᠤ ᠦᠨᠳᠦᠰᠦᠨ ᠵᠠᠷᠴᠢᠮ ᠶᠣᠰᠣᠭᠠᠷ᠂ ᠴᠢᠨᠠᠷ ᠰᠠᠶᠢᠲᠠᠢ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠤᠯᠠᠮ ᠨᠢᠭᠡ ᠠᠯᠬᠤᠮ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃      ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠨᠢ ᠰᠢᠨ᠎ᠡ ᠡᠨᠧᠷᠭᠢ ᠶᠢᠨ ᠮᠠᠰᠢᠨ ᠲᠡᠷᠭᠡᠨ ᠳᠤ ᠴᠠᠬᠢᠯᠭᠠᠨ ᠴᠡᠨᠡᠭᠯᠡᠵᠦ ᠴᠡᠨᠡᠭᠯᠡᠭᠦᠷ ᠰᠣᠯᠢᠬᠤ ᠦᠢᠯᠡᠴᠢᠯᠡᠭᠡ ᠬᠠᠩᠭᠠᠵᠤ᠂ ᠴᠢᠬᠤᠯᠠ ᠵᠠᠮ ᠬᠠᠷᠢᠯᠴᠠᠭᠠᠨ ᠤ ᠡᠨᠧᠷᠭᠢ ᠶᠢᠨ ᠠᠭᠤᠰᠤᠯᠴᠠᠯ ᠤᠨ ᠲᠥᠷᠥᠯ ᠤᠨ ᠰᠠᠭᠤᠷᠢ ᠲᠥᠬᠦᠭᠡᠷᠦᠮᠵᠢ ᠪᠣᠯᠣᠨ᠎ᠠ᠃ ᠣᠳᠣᠬᠠᠨ ᠳᠤ᠂ ᠮᠠᠨ ᠤ ᠤᠯᠤᠰ ᠨᠢᠭᠡᠨᠲᠡ ᠳᠡᠯᠡᠬᠡᠢ ᠳᠡᠭᠡᠷᠡᠬᠢ ᠲᠤᠭ᠎ᠠ ᠬᠡᠮᠵᠢᠶ᠎ᠡ ᠪᠠᠷ ᠬᠠᠮᠤᠭ ᠤᠨ ᠣᠯᠠᠨ᠂ ᠦᠢᠯᠡᠴᠢᠯᠡᠭᠡᠨ ᠤ ᠬᠡᠪᠴᠢᠶ᠎ᠡ ᠪᠠᠷ ᠬᠠᠮᠤᠭ ᠤᠨ ᠶᠡᠭᠡ ᠂ ᠲᠥᠷᠥᠯ ᠵᠦᠢᠯ ᠢᠶᠠᠷ ᠬᠠᠮᠤᠭ ᠤᠨ ᠪᠦᠷᠢᠨ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠤᠭᠰᠠᠨ ᠪᠠᠶᠢᠨ᠎ᠠ᠃ ᠭᠡᠪᠡᠴᠦ ᠡᠭᠦᠨ ᠤ ᠵᠡᠷᠭᠡ ᠳᠤ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠳᠤ ᠮᠥᠨ ᠬᠦ ᠪᠠᠶᠢᠷᠢᠰᠢᠭᠤᠯᠤᠯᠲᠠ ᠲᠡᠭᠦᠯᠳᠡᠷ ᠪᠤᠰᠤ᠂ ᠪᠦᠲᠦᠴᠡ ᠨᠢ ᠵᠦᠢ ᠵᠣᠬᠢᠰ ᠦᠭᠡᠢ᠂ ᠦᠢᠯᠡᠴᠢᠯᠡᠭᠡ ᠨᠢ ᠲᠡᠩᠴᠡᠭᠦᠷᠢ ᠦᠭᠡᠢ᠂ ᠡᠵᠡᠩᠨᠡᠯᠲᠡ ᠨᠢ ᠵᠢᠷᠤᠮᠵᠢᠭᠤᠨ ᠪᠤᠰᠤ ᠵᠡᠷᠭᠡ ᠠᠰᠠᠭᠤᠳᠠᠯ ᠣᠷᠣᠰᠢᠵᠤ᠂ ︽ᠳᠡᠭᠡᠳᠦ ᠬᠤᠷᠳᠤᠴᠠᠲᠤ ᠦᠢᠯᠡᠴᠢᠯᠡᠭᠡᠨ ᠤ ᠲᠣᠭᠤᠷᠢᠭ ᠤᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠴᠠᠬᠢᠯᠭᠠᠨ ᠴᠡᠨᠡᠭᠯᠡᠬᠦ ᠣᠷᠳᠣ ᠡᠩᠨᠡᠭᠡ︾ ︽ᠵᠢᠵᠢᠭ ᠲᠣᠭᠤᠷᠢᠭ ᠤᠨ ᠬᠤᠪᠢ ᠬᠥᠮᠥᠨ ᠤ ᠴᠠᠬᠢᠯᠭᠠᠨ ᠴᠡᠨᠡᠭᠯᠡᠬᠦ ᠱᠤᠩ ᠤᠭᠰᠠᠷᠠᠬᠤ ᠳᠤ ᠬᠦᠴᠢᠷ︾ ︽ᠴᠠᠬᠢᠯᠭᠠᠨ ᠴᠡᠨᠡᠭᠯᠡᠬᠦ ᠱᠤᠩ ᠡᠷᠢᠬᠦ ᠳᠤ ᠪᠡᠷᠬᠡ ᠬᠡᠮᠳᠦᠯ ᠤᠨ ᠨᠣᠷᠮ᠎ᠠ ᠪᠠᠷ ᠥᠨᠳᠥᠷ︾ ᠵᠡᠷᠭᠡ ᠠᠰᠠᠭᠤᠳᠠᠯ ᠨᠢ ᠬᠥᠮᠥᠰ ᠲᠤ ᠲᠦᠪᠡᠭ ᠤᠴᠠᠷᠠᠭᠤᠯᠵᠤ ᠪᠠᠶᠢᠨ᠎ᠠ᠃ ᠴᠢᠨᠠᠷ ᠰᠠᠶᠢᠲᠠᠢ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠬᠤ ᠨᠢ ᠠᠷᠠᠳ ᠤᠯᠠᠨ ᠤ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠪᠠ ᠬᠡᠷᠡᠭᠯᠡᠬᠦ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠬᠤ ᠳᠤ ᠲᠤᠰᠠᠲᠠᠢ︔ ᠠᠯᠤᠰ ᠬᠡᠲᠦ ᠠᠴᠠ ᠠᠪᠴᠤ ᠦᠵᠡᠪᠡᠯ ᠪᠠᠰᠠ ᠵᠠᠮ ᠲᠡᠭᠡᠭᠡᠪᠦᠷᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ ᠲᠦᠯᠬᠢᠨ ᠠᠬᠢᠭᠤᠯᠵᠤ᠂ ᠨᠡᠭᠦᠷᠡᠰᠦᠲᠥ᠋ᠷᠥᠭᠴᠢ ᠶᠢᠨ ᠣᠷᠭᠢᠯ ᠳᠤ ᠬᠦᠷᠬᠦ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠭᠤᠯᠬᠤ ᠪᠠ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠳᠤ ᠠᠰᠢᠭᠲᠠᠢ ᠶᠤᠮ᠃      ᠴᠢᠨᠠᠷ ᠰᠠᠶᠢᠲᠠᠢ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠬᠤ ᠳᠤ᠂ ᠡᠩ ᠲᠡᠷᠢᠭᠦᠨ ᠳᠤ ᠲᠤᠤᠷ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠠᠳᠠᠯᠢ ᠪᠤᠰᠤ ᠬᠦᠷᠢᠶ᠎ᠡ᠂ ᠠᠳᠠᠯᠢ ᠪᠤᠰᠤ ᠲᠠᠯᠠᠪᠤᠷ ᠤᠨ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠳᠤ ᠪᠤᠢ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳᠤᠮᠳᠠ ᠬᠤᠯᠠ ᠵᠠᠮ ᠤᠨ ᠠᠶᠠᠯᠠᠯ ᠤᠨ ᠬᠡᠷᠡᠭᠴᠡᠭᠡ ᠶᠢ ᠪᠦᠲᠦᠮᠵᠢᠲᠡᠶ ᠬᠠᠩᠭᠠᠬᠤ ᠬᠤᠲᠠ ᠶᠢᠨ ᠬᠤᠭᠤᠷᠣᠨᠳᠣᠬᠢ ᠴᠠᠬᠢᠯᠭᠠᠨ ᠴᠡᠨᠡᠭᠯᠡᠬᠦ ᠲᠣᠣᠷ ᠢ ᠪᠠᠶᠢᠭᠤᠯᠬᠤ ᠬᠡᠷᠡᠭᠲᠡᠢ᠃ ᠢᠯᠠᠩᠭᠤᠶ᠎ᠠ ᠳᠡᠭᠡᠳᠦ ᠬᠤᠷᠳᠤᠴᠠᠳᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠲᠤ ᠶᠡᠭᠡ ᠬᠦᠴᠦᠳᠦᠯᠳᠦ ᠴᠠᠬᠢᠯᠭᠠᠨ ᠴᠡᠨᠡᠭᠯᠡᠬᠦ ᠮᠡᠷᠭᠡᠵᠢᠯ ᠢ ᠬᠡᠷᠡᠭᠯᠡᠭᠰᠡᠨ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢ ᠲᠦᠷᠭᠡᠪᠴᠢᠯᠡᠨ ᠪᠠᠶᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠭᠠᠵᠠᠷ ᠣᠷᠣᠨ ᠳᠤ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢ ᠰᠢᠨ᠎ᠡ ᠡᠨᠧᠷᠭᠢ ᠮᠠᠰᠢᠨ ᠲᠡᠷᠭᠡ ᠶᠢ ᠬᠡᠷᠡᠭᠯᠡᠬᠦ ᠳᠤ ᠲᠣᠬᠢᠷᠠᠮᠵᠢᠲᠠᠢ ᠣᠷᠣᠨ ᠪᠦᠰᠡ ᠳᠤ ᠪᠦᠲᠦᠮᠵᠢᠲᠡᠶ ᠪᠦᠷᠬᠦᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠡᠰᠡᠭ ᠬᠤᠲᠠ ᠶᠢᠨ ᠲᠥᠪ ᠬᠤᠲᠠ ᠶᠢᠨ ᠲᠣᠭᠤᠷᠢᠭ ᠤᠨ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠦᠢᠯᠡᠴᠢᠯᠡᠭᠡᠨ ᠤ ᠷᠠᠳᠢᠦ᠋ᠰ ᠨᠢ ᠲᠣᠰᠣ ᠨᠡᠮᠡᠬᠦ ᠥᠷᠲᠡᠭᠡ ᠲᠠᠢ ᠠᠳᠠᠯᠢᠪᠲᠤᠷ ᠪᠣᠯᠤᠭᠰᠠᠨ ᠪᠣᠯᠪᠠᠴᠤ ᠬᠤᠲᠠ ᠶᠢᠨ ᠡᠷᠬᠢᠨ ᠲᠣᠭᠤᠷᠢᠨ᠂ ᠬᠦᠷᠢᠶᠡᠯᠡᠯ ᠲᠠᠢ ᠴᠡᠴᠡᠷᠯᠢᠭ ᠤᠨ ᠦᠵᠡᠮᠵᠢ ᠶᠢᠨ ᠣᠷᠣᠨ ᠵᠡᠷᠭᠡ ᠳᠤ ᠮᠥᠨ ᠬᠦ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠴᠢᠬᠤᠯᠠᠲᠠᠢ ᠪᠠᠶᠢᠨ᠎ᠠ᠃ ᠬᠤᠳᠠ ᠶᠢᠨ ᠭᠠᠳᠠᠷᠭᠤ᠂ ᠵᠠᠰᠠᠮᠠᠯ ᠵᠠᠮ᠂ ᠬᠥᠳᠡᠭᠡ ᠲᠣᠰᠬᠤᠨ ᠤ ᠴᠡᠭ ᠤᠨ ᠪᠠᠶᠢᠷᠢᠰᠢᠭᠤᠯᠤᠯᠲᠠ ᠶᠢᠨ ᠴᠠᠬᠢᠯᠭᠠᠨ ᠴᠡᠨᠡᠭᠯᠡᠬᠦ ᠲᠣᠣᠷ ᠢ ᠪᠠᠶᠢᠭᠤᠯᠪᠠᠯ ᠰᠠᠢᠢ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠰᠢᠰᠲ᠋ᠧᠮ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢ ᠬᠦᠴᠦᠲᠡᠢ ᠲᠤᠯᠭᠠᠭᠤᠷᠢᠯᠠᠬᠤ ᠶᠢ ᠪᠠᠲᠤᠯᠠᠵᠤ᠂ ᠠᠷᠠᠳ ᠤᠯᠠᠨ ᠤ ᠶᠠᠪᠤᠵᠤ ᠰᠠᠭᠤᠬᠤ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠪᠦᠲᠦᠮᠵᠢᠲᠡᠢ ᠬᠠᠩᠭᠠᠵᠤ ᠴᠢᠳᠠᠨ᠎ᠠ᠃      ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ︽ᠪᠠᠶᠢᠬᠤ ᠡᠰᠡᠬᠦ︾ ᠠᠰᠠᠭᠤᠳᠠᠯ ᠢ ᠰᠢᠢᠳᠪᠦᠷᠢᠯᠡᠬᠦ ᠪᠠᠷ ᠪᠠᠷᠠᠬᠤ ᠦᠭᠡᠢ ᠪᠠᠰᠠ ︽ᠰᠠᠶᠢᠨ ᠡᠰᠡᠬᠦ︾ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠴᠥᠭᠡᠨ ᠪᠤᠰᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠴᠢ ᠴᠥᠮ ᠴᠠᠬᠢᠯᠭᠠᠨ ᠴᠡᠨᠡᠭᠯᠡᠬᠦ ᠪᠠᠶᠢᠷᠢ ᠡᠵᠡᠯᠡᠭᠳᠡᠬᠦ᠂ ᠳᠡᠭᠡᠳᠦ ᠬᠤᠷᠳᠤᠴᠠᠲᠤ ᠦᠢᠯᠡᠴᠢᠯᠡᠭᠡᠨ ᠤ ᠲᠣᠭᠤᠷᠢᠭ ᠲᠤ ᠴᠠᠬᠢᠯᠭᠠᠨ ᠴᠡᠨᠡᠭᠯᠡᠬᠦ ᠨᠢ ᠤᠳᠠᠭᠠᠨ ᠂ ᠴᠠᠬᠢᠯᠭᠠᠨ ᠴᠡᠨᠡᠭᠯᠡᠬᠦ ᠱᠣᠩ ᠳᠤ ᠮᠡᠷᠭᠡᠵᠢᠯ ᠤᠨ ᠰᠠᠭᠠᠳ ᠭᠠᠷᠬᠤ᠂ ᠡᠵᠡᠩᠨᠡᠯᠲᠡ ᠶᠢᠨ ᠬᠤᠳᠠᠯᠳᠤᠭᠠᠴᠢᠨ ᠤ APP ᠶᠢᠨ ᠠᠵᠢᠯᠯᠠᠭ᠎ᠠ ᠶᠠᠷᠰᠢᠭ ᠲᠦᠪᠡᠭᠲᠡᠢ ᠪᠠᠶᠢᠳᠠᠭ᠃ ᠴᠠᠬᠢᠯᠭᠠᠨ ᠴᠡᠨᠡᠭᠯᠡᠬᠦ ᠦᠢᠯᠡᠴᠢᠯᠡᠭᠡᠨ ᠤ ᠠᠵᠤ ᠠᠬᠤᠢ ᠶᠢᠨ ᠴᠢᠨᠠᠷ ᠪᠠ ᠳᠥᠭᠦᠮ ᠳᠥᠲᠡ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠨ ᠶᠠᠩᠵᠤᠴᠢᠯᠠᠭᠰᠠᠨ ᠪᠦᠲᠦᠮᠵᠢᠲᠡᠢ ᠬᠠᠩᠭᠠᠯᠭ᠎ᠠ ᠶᠢ ᠥᠷᠭᠡᠳᠬᠡᠵᠦ᠂ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠣᠯ ᠴᠢᠨᠠᠷ ᠰᠠᠶᠢᠲᠠᠢ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠬᠤ ᠶᠢᠨ ᠪᠠᠶᠢᠪᠠᠰᠤ ᠵᠣᠬᠢᠬᠤ ᠠᠭᠤᠯᠭ᠎ᠠ ᠪᠣᠯᠣᠨ᠎ᠠ᠃ ᠲᠣᠰ ᠤᠳᠠᠭ᠎ᠠ ᠨᠡᠶᠢᠲᠡᠯᠡᠭᠰᠡᠨ ᠵᠢᠯᠤᠭᠤᠳᠬᠤ ᠰᠠᠨᠠᠯ ᠳᠤ᠂ ᠮᠡᠳᠡᠭᠡ ᠵᠠᠩᠭᠢ ᠶᠢᠨ ᠰᠦᠯᠵᠢᠶᠡᠨ ᠤ ᠲᠠᠪᠴᠠᠩ ᠢ ᠪᠠᠶᠢᠭᠤᠯᠵᠤ᠂ ᠤᠯᠤᠰ ᠤᠨ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠬᠢᠨᠠᠨ ᠬᠡᠮᠵᠢᠬᠦ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ ᠭᠡᠵᠦ ᠳᠤᠷᠠᠳᠤᠨ ᠭᠠᠷᠭᠠᠵᠠᠢ᠃          ᠢᠷᠡᠭᠡᠳᠦᠢ ᠳᠤ᠂ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ︽ᠨᠢᠭᠡ ᠰᠦᠯᠵᠢᠶ᠎ᠡ ᠪᠠᠷ ᠰᠢᠭᠤᠳ ᠨᠡᠪᠲᠡᠷᠡᠬᠦ︾᠂ ᠴᠠᠬᠢᠯᠭᠠᠨ ᠴᠡᠨᠡᠭᠯᠡᠬᠦ ᠱᠣᠩ ᠬᠢᠭᠡᠳ ᠰᠢᠨ᠎ᠡ ᠡᠨᠧᠷᠭᠢ ᠶᠢᠨ ᠮᠠᠰᠢᠨ ᠲᠡᠷᠭᠡ ᠂ ᠬᠤᠲᠠ ᠪᠠ ᠵᠠᠰᠠᠮᠠᠯ ᠵᠠᠮ ᠤᠨ ᠠᠶᠠᠯᠠᠯ ᠤᠨ ᠦᠢᠯᠡᠴᠢᠯᠡᠭᠡᠨ ᠤ ᠰᠦᠯᠵᠢᠶ᠎ᠡ ᠵᠡᠷᠭᠡ ᠲᠤᠭ᠎ᠠ ᠪᠠᠷᠢᠮᠲᠠ ᠶᠢ ᠬᠤᠯᠪᠣᠯᠳᠤᠭᠤᠯᠤᠨ ᠨᠡᠪᠲᠡᠷᠡᠯᠴᠡᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠬᠡᠷᠡᠭᠯᠡᠯᠲᠡ ᠶᠢᠨ ᠪᠡᠶᠡᠴᠢ ᠣᠶᠢᠯᠠᠭᠠᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ᠃ᠣᠳᠣᠬᠠᠨ ᠳᠤ᠂ ᠵᠧᠵᠢᠶᠠᠩ᠂ ᠭᠤᠸᠠᠩᠳᠦ᠋ᠩ ᠤᠨ ᠵᠠᠷᠢᠮ ᠬᠤᠲᠠ ᠰᠢᠶᠠᠨ ︽ᠲᠠᠪᠤᠨ ᠮᠢᠨᠦ᠋ᠲ ᠤᠨ ᠴᠠᠬᠢᠯᠭᠠᠨ ᠴᠡᠨᠡᠭᠯᠡᠬᠦ ᠴᠠᠭᠠᠷᠢᠭ︾ ᠢ ᠪᠠᠶᠢᠭᠤᠯᠵᠤ᠂ ᠪᠣᠬᠢᠷᠲᠤᠯ ᠦᠭᠡᠢ ᠠᠶᠠᠯᠠᠯ ᠢ ᠬᠠᠮᠠᠭᠠᠯᠠᠵᠤ ᠪᠠᠶᠢᠨ᠎ᠠ᠃ ᠭᠡᠲᠡᠯ᠎ᠡ᠂ ᠴᠠᠬᠢᠯᠭᠠᠨ ᠴᠡᠨᠡᠭᠯᠡᠬᠦ ᠲᠥᠬᠦᠭᠡᠷᠦᠮᠵᠢ ᠨᠢ ᠪᠡᠯᠡ ᠣᠷᠣᠭᠤᠯᠤᠨ ᠡᠵᠡᠩᠨᠡᠬᠦ ᠥᠪᠡᠷ ᠤᠨ ᠥᠷᠲᠡᠭ ᠢᠶᠠᠷ ᠥᠨᠳᠥᠷ᠂ ᠠᠰᠢᠭ ᠣᠯᠬᠤ ᠴᠢᠳᠠᠪᠤᠷᠢ ᠪᠠᠷ ᠪᠠᠭᠤᠷᠠᠢ᠂ ᠬᠥᠷᠥᠩᠭᠡ ᠶᠢ ᠬᠤᠷᠢᠶᠠᠨ ᠠᠪᠴᠢᠷᠠᠬᠤ ᠦᠶᠡᠯᠡᠯ ᠤᠨ ᠬᠤᠭᠤᠴᠠᠭ᠎ᠠ ᠣᠷᠳᠣ ᠵᠡᠷᠭᠡ ᠣᠨᠴᠠᠯᠢᠭ ᠲᠠᠢ ᠪᠠᠶᠢᠬᠤ ᠶᠢᠨ ᠳᠡᠭᠡᠷ᠎ᠡ ᠬᠡᠰᠡᠭ ᠣᠷᠣᠨ ᠰᠠᠭᠤᠴᠠ ᠶᠢᠨ ᠲᠣᠭᠤᠷᠢᠭ ᠤᠨ ᠴᠠᠬᠢᠯᠭᠠᠨ ᠬᠦᠴᠦᠨ ᠤ ᠥᠭᠡᠷᠡᠴᠢᠯᠡᠯᠲᠡ ᠶᠢᠨ ᠬᠦᠴᠢᠷᠳᠡᠯ ᠶᠡᠭᠡ ᠪᠠᠶᠢᠳᠠᠭ᠂ ᠡᠨᠡ ᠨᠢ ᠡᠵᠡᠩᠨᠡᠯᠲᠡ ᠶᠢᠨ ᠭᠤᠣᠯ ᠴᠣᠭᠴᠠ ᠳᠤ ᠠᠪᠴᠤ ᠬᠡᠯᠡᠪᠡᠯ ᠪᠠᠭ᠎ᠠ ᠪᠤᠰᠤ ᠥᠷᠢᠰᠦᠯᠳᠦᠭᠡᠨ ᠪᠣᠯᠣᠨ᠎ᠠ᠃ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠡᠷᠳᠡᠮ ᠴᠢᠳᠠᠪᠤᠷᠢ ᠪᠠᠨ ᠶᠡᠭᠡ ᠪᠠᠷ ᠪᠠᠳᠠᠷᠠᠭᠤᠯᠬᠤ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠪᠡᠯ ᠰᠠᠶ᠋ᠢ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ︽ᠲᠦᠷᠭᠡᠨ ᠪᠠᠶᠢᠭᠤᠯᠵᠤ︾ ︽ᠰᠠᠶᠢᠨ ᠪᠠᠶᠢᠭᠤᠯᠵᠤ︾ ᠴᠢᠳᠠᠨ᠎ᠠ᠃      ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠥᠭᠵᠢᠭᠦᠯᠬᠦ ᠪᠣᠯ ᠮᠠᠨ ᠤ ᠤᠯᠤᠰ ᠤᠨ ᠮᠠᠰᠢᠨ ᠲᠡᠷᠭᠡᠨ ᠤ ᠲᠣᠮᠣ ᠤᠯᠤᠰ ᠠᠴᠠ ᠮᠠᠰᠢᠨ ᠲᠡᠷᠭᠡᠨ ᠤ ᠬᠦᠴᠦᠷᠬᠡᠭ ᠤᠯᠤᠰ ᠲᠡᠰᠢ ᠤᠷᠤᠭᠰᠢᠯᠠᠬᠤ ᠳᠤ ᠵᠠᠪᠠᠯ ᠶᠠᠪᠤᠬᠤ ᠵᠠᠮ ᠮᠥᠨ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠮᠥᠨ᠃ ᠢᠷᠡᠭᠡᠳᠦᠢ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠦᠷᠭᠡᠨ ᠢᠶᠠᠷ ᠨᠡᠮᠡᠭᠳᠡᠬᠦ ᠬᠠᠨᠳᠤᠰᠢ ᠶᠢ ᠪᠣᠳᠣᠯᠬᠢᠯᠠᠨ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠡᠵᠡᠩᠨᠡᠯᠲᠡ᠂ ᠬᠠᠮᠠᠭᠠᠯᠠᠯᠲᠠ ᠵᠡᠷᠭᠡ ᠭᠤᠭᠴᠤᠭ᠎ᠠ ᠠᠴᠠ ᠨᠢᠭᠡᠳᠦᠯᠲᠡᠢ ᠲᠥᠯᠥᠪᠵᠢᠭᠦᠯᠵᠦ᠂ ᠰᠦᠯᠵᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠨᠢ ᠵᠠᠮ ᠲᠡᠭᠡᠭᠡᠪᠦᠷᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠳᠤ ᠨᠡᠩ ᠶᠡᠭᠡ ᠠᠬᠢᠭᠤᠯᠬᠤ ᠦᠢᠯᠡᠳᠦᠯ ᠦᠵᠡᠭᠦᠯᠬᠦ ᠪᠣᠯᠣᠨ᠎ᠠ᠃ᠢᠷᠡᠯᠲᠡ᠄ ᠠᠷᠠᠳ ᠤᠨ ᠡᠳᠦᠷ ᠤᠨ ᠰᠣᠨᠢᠨ
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1