| | ︵ᠰᠤᠷᠪᠤᠯᠵᠢᠯᠠᠭᠴᠢ ᠴᠢ ᠰᠢᠶᠣᠣ ᠶᠠᠨ︶ ᠪᠦᠬᠦ ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠪᠣᠷᠤᠯᠠᠭᠤᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠵᠠᠷ ᠮᠡᠳᠡᠭᠡ ᠶᠢᠨ ᠤᠬᠠᠭᠤᠯᠭ᠎ᠠ ᠶᠢᠨ ᠰᠠᠶᠢᠨ ᠰᠠᠶᠢᠬᠠᠨ ᠡᠮᠬᠢ ᠲᠢᠭᠯᠢᠮ ᠢ ᠬᠠᠮᠠᠭᠠᠯᠠᠵᠤ᠂ ᠬᠡᠷᠡᠭᠯᠡᠭᠴᠢᠳ ᠤᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠷ ᠮᠡᠳᠡᠭᠡ ᠶᠢᠨ ᠬᠠᠤᠯᠢ︾ ᠪᠣᠯᠣᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠵᠢᠭᠤᠯᠴᠢᠯᠠᠯ ᠤᠨ ᠬᠠᠤᠯᠢ︾ ᠵᠡᠷᠭᠡ ᠬᠠᠤᠯᠢ ᠴᠠᠭᠠᠵᠠ ᠳᠦᠷᠢᠮ ᠲᠣᠭᠲᠠᠭᠠᠯ ᠢ ᠦᠨᠳᠦᠰᠦᠯᠡᠨ᠂ ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠬᠡᠨ ︽ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠵᠠᠷ ᠮᠡᠳᠡᠭᠡ ᠶᠢᠨ ᠡᠮᠬᠢ ᠲᠢᠭᠯᠢᠮ ᠢ ᠵᠢᠷᠤᠮᠵᠢᠭᠤᠯᠬᠤ ᠲᠤᠬᠠᠢ ᠵᠠᠰᠠᠭ ᠵᠠᠬᠢᠷᠭᠠᠨ ᠤ ᠰᠠᠨᠠᠭᠤᠯᠬᠤ ᠪᠢᠴᠢᠭ︾ ︵ | ᠳᠣᠷᠣᠭᠰᠢ ︽ᠰᠠᠨᠠᠭᠤᠯᠬᠤ ᠪᠢᠴᠢᠭ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ | ︽ᠰᠠᠨᠠᠭᠤᠯᠬᠤ ᠪᠢᠴᠢᠭ︾ ᠲᠤ ᠲᠣᠳᠣᠷᠬᠠᠶᠢᠯᠠᠭᠰᠠᠨ ᠨᠢ᠂ ᠵᠢᠭᠤᠯᠴᠢᠯᠠᠯ ᠤᠨ ᠦᠢᠯᠡᠴᠢᠯᠡᠭᠡᠨ ᠤ ᠵᠠᠷ ᠮᠡᠳᠡᠭᠡ | ᠨᠢ ᠦᠨᠡᠨ ᠪᠣᠳᠠᠲᠠᠢ᠂ ᠬᠠᠤᠯᠢ ᠳᠤ ᠨᠡᠶᠢᠴᠡᠭᠰᠡᠨ ᠪᠠᠶᠢᠬᠤ ᠬᠡᠷᠡᠭᠲᠡᠢ᠃ ᠵᠠᠷ ᠮᠡᠳᠡᠭᠡ ᠤᠬᠠᠭᠤᠯᠤᠭᠰᠠᠨ | ᠵᠢᠭᠤᠯᠴᠢᠯᠠᠯ ᠤᠨ ᠵᠦᠢᠯ᠂ ᠴᠠᠭ ᠬᠤᠭᠤᠴᠠᠭ᠎ᠠ᠂ ᠦᠨ᠎ᠡ ᠬᠠᠩᠰᠢ᠂ ᠵᠢᠭᠤᠯᠴᠢᠯᠠᠯ ᠤᠨ ᠵᠠᠮ ᠱᠤᠭᠤᠮ ᠵᠢᠴᠢ | ᠵᠢᠭᠤᠯᠴᠢᠯᠠᠯ ᠤᠨ ᠭᠠᠵᠠᠷ ᠤᠨ ᠨᠡᠷᠡᠶᠢᠳᠦᠯ ᠵᠡᠷᠭᠡ ᠠᠭᠤᠯᠭ᠎ᠠ ᠨᠢ ᠦᠨᠡᠨ ᠪᠣᠳᠠᠲᠠᠢ᠂ ᠣᠨᠣᠪᠴᠢᠲᠠᠶ ᠪᠠᠶᠢᠬᠤ ᠬᠡᠷᠡᠭᠲᠡᠢ | ᠂ ᠬᠤᠳᠠᠯ ᠬᠠᠭᠤᠷᠮᠠᠭ ᠪᠤᠶᠤ ᠬᠥᠮᠥᠨ ᠢ ᠡ᠊ᠨᠳᠡᠭᠦᠷᠡᠭᠦᠯᠬᠦ ᠠᠭᠤᠯᠭ᠎ᠠ ᠠᠭᠤᠯᠵᠤ ᠪᠣᠯᠬᠤ ᠦᠭᠡᠢ᠂ ᠬᠡᠷᠡᠭᠯᠡᠭᠴᠢᠳ ᠢ | ᠮᠡᠬᠡᠯᠡᠵᠦ᠂ ᠪᠤᠷᠤᠭᠤ ᠪᠠᠷ ᠬᠥᠲᠥᠯᠵᠦ ᠪᠣᠯᠬᠤ ᠦᠭᠡᠢ᠃ ᠵᠢᠭᠤᠯᠴᠢᠯᠠᠯ ᠤᠨ ᠦᠢᠯᠡᠴᠢᠯᠡᠭᠡᠨ ᠤ ᠡᠵᠡᠩᠨᠡᠯᠲᠡ ᠶᠢᠨ ᠬᠢᠷᠢ | ᠬᠡᠮ ᠣᠯᠣᠭᠰᠠᠨ ᠵᠢᠭᠤᠯᠴᠢᠯᠠᠯ ᠤᠨ ᠡᠵᠡᠩᠨᠡᠭᠴᠢ ᠪᠠ ᠵᠠᠷ ᠮᠡᠳᠡᠭᠡ ᠡᠵᠡᠩᠨᠡᠭᠴᠢ ᠨᠢ ᠵᠥᠪᠰᠢᠶᠡᠷᠡᠯ ᠤᠨ | ᠡᠵᠡᠩᠨᠡᠯᠲᠡ ᠶᠢᠨ ᠬᠡᠪᠴᠢᠶ᠎ᠡ ᠶᠣᠰᠣᠭᠠᠷ ᠵᠢᠭᠤᠯᠴᠢᠯᠠᠯ ᠤᠨ ᠵᠠᠷ ᠮᠡᠳᠡᠭᠡ ᠨᠡᠶᠢᠲᠡᠯᠡᠬᠦ ᠬᠡᠷᠡᠭᠲᠡᠢ᠃ ᠪᠤᠰᠤᠳ ᠶᠠᠮᠠᠷᠪᠠ | ᠨᠢᠭᠡᠴᠡ ᠪᠠ ᠬᠤᠪᠢ ᠬᠥᠮᠥᠨ ᠵᠢᠭᠤᠯᠴᠢᠯᠠᠯ ᠤᠨ ᠦᠢᠯᠡᠴᠢᠯᠡᠭᠡᠨ ᠤ ᠵᠠᠷ ᠮᠡᠳᠡᠭᠡ ᠨᠡᠶᠢᠲᠡᠯᠡᠬᠦ ᠪᠤᠶᠤ ᠬᠡᠯᠪᠡᠷᠢ ᠶᠢ ᠨᠢ | ᠥᠭᠡᠷᠡᠲᠦᠭᠦᠯᠦᠨ ᠨᠡᠶᠢᠲᠡᠯᠡᠵᠦ ᠪᠣᠯᠬᠤ ᠦᠭᠡᠢ᠃ ᠵᠢᠭᠤᠯᠴᠢᠯᠠᠯ ᠡᠵᠡᠩᠨᠡᠭᠴᠢ ᠵᠢᠭᠤᠯᠴᠢᠯᠠᠯ ᠤᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠵᠥᠪᠰᠢᠶᠡᠷᠡᠭᠰᠡᠨ ᠦᠢᠯᠡᠴᠢᠯᠡᠭᠡᠨ ᠤ ᠵᠦᠢᠯᠡᠰ ᠪᠠ ᠬᠢᠨᠠᠨ ᠲᠣᠭᠲᠠᠭᠠᠭᠰᠠᠨ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠶᠢ | ᠴᠢᠩᠭ᠎ᠠ ᠵᠢᠷᠤᠮᠯᠠᠨ ᠵᠠᠷ ᠮᠡᠳᠡᠭᠡ ᠨᠡᠶᠢᠲᠡᠯᠡᠬᠦ ᠬᠡᠷᠡᠭᠲᠡᠢ᠂ ᠬᠢᠨᠠᠨ ᠲᠣᠭᠲᠠᠭᠠᠭᠰᠠᠨ ᠡᠵᠡᠩᠨᠡᠯᠲᠡ ᠶᠢᠨ ᠬᠦᠷᠢᠶ᠎ᠡ | ᠬᠡᠪᠴᠢᠶ᠎ᠡ ᠠᠴᠠ ᠳᠠᠪᠠᠭᠰᠠᠨ ᠵᠢᠭᠤᠯᠴᠢᠯᠠᠯ ᠤᠨ ᠵᠠᠷ ᠮᠡᠳᠡᠭᠡ ᠨᠡᠶᠢᠲᠡᠯᠡᠵᠦ ᠪᠣᠯᠬᠤ ᠦᠭᠡᠢ᠃ ᠵᠢᠭᠤᠯᠴᠢᠯᠠᠯ ᠤᠨ | ᠦᠢᠯᠡᠴᠢᠯᠡᠭᠡᠨ ᠤ ᠵᠠᠷ ᠮᠡᠳᠡᠭᠡᠨ ᠳᠤ ᠲᠣᠳᠣᠷᠬᠠᠶᠢᠯᠠᠭᠰᠠᠨ ᠦᠨ᠎ᠡ ᠬᠠᠩᠰᠢ ᠨᠢ ᠵᠢᠭᠤᠯᠴᠢᠯᠠᠯ ᠤᠨ ᠭᠠᠵᠠᠷ ᠤᠨ | ᠬᠤᠷᠢᠶᠠᠭᠰᠠᠨ ᠪᠦᠯᠬᠦᠮ ᠤᠨ ᠪᠦᠬᠦ ᠰᠦᠢᠳᠬᠡᠯ ᠪᠠᠶᠢᠵᠤ᠂ ᠡᠭᠦᠨ ᠳᠤ ᠬᠡᠷᠡᠭᠯᠡᠭᠴᠢᠳ ᠤᠨ ᠡᠷᠬᠡᠪᠰᠢ ᠲᠤᠰᠢᠶᠠᠬᠤ | ᠬᠡᠷᠡᠭᠲᠡᠢ ᠵᠢᠭᠤᠯᠴᠢᠯᠠᠯ ᠤᠨ ᠭᠡᠷ᠎ᠡ ᠶᠢᠨ ᠪᠦᠬᠦ ᠵᠦᠢᠯᠡᠰ ᠤᠨ ᠰᠦᠢᠳᠬᠡᠯ ᠪᠠᠭᠲᠠᠬᠤ ᠬᠡᠷᠡᠭᠲᠡᠢ᠃ ᠦᠨ᠎ᠡ ᠶᠢᠨ | ᠬᠠᠷᠠᠭᠠᠯᠵᠠᠯ ᠲᠠᠢ ᠪᠤᠶᠤ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠨᠢ ᠬᠢᠵᠠᠭᠠᠷᠯᠠᠯ ᠲᠠᠢ ᠪᠤᠶᠤ ᠨᠡᠮᠡᠯᠲᠡ | ᠨᠥᠬᠦᠴᠡᠯ ᠲᠠᠢ ᠪᠣᠯ᠂ ᠵᠠᠷ ᠮᠡᠳᠡᠭᠡᠨ ᠳᠡᠭᠡᠨ ᠲᠣᠳᠣᠷᠬᠠᠢ ᠲᠣᠳᠣᠷᠬᠠᠶᠢᠯᠠᠬᠤ ᠬᠡᠷᠡᠭᠲᠡᠢ᠃ ᠵᠢᠭᠤᠯᠴᠢᠯᠠᠯ ᠤᠨ | ᠦᠢᠯᠡᠴᠢᠯᠡᠭᠡᠨ ᠤ ᠵᠠᠷ ᠮᠡᠳᠡᠭᠡᠨ ᠳᠤ ᠬᠦᠯᠢᠶᠡᠨ ᠠᠪᠬᠤ ᠪᠠ ᠦᠢᠯᠡᠴᠢᠯᠡᠬᠦ ᠥᠪᠡᠷ ᠤᠨ ᠦᠷᠲᠡᠭ ᠠᠴᠠ ᠳᠣᠣᠷ᠎ᠠ | ᠦᠨ᠎ᠡ ᠪᠠᠷ ᠵᠢᠭᠤᠯᠴᠢᠯᠠᠭᠴᠢ ᠶᠢ ᠲᠠᠲᠠᠵᠤ ᠪᠣᠯᠬᠤ ᠦᠭᠡᠢ᠃ ᠵᠢᠭᠤᠯᠴᠢᠯᠠᠯ ᠤᠨ ᠵᠠᠷ ᠮᠡᠳᠡᠭᠡᠨ ᠳᠤ ᠤᠯᠤᠰ ᠤᠨ | ᠨᠤᠲᠤᠭ ᠳᠡᠪᠢᠰᠬᠡᠷ ᠢ ᠵᠥᠪ ᠢᠯᠡᠳᠬᠡᠭᠰᠡᠨ ᠭᠠᠵᠠᠷ ᠤᠨ ᠵᠢᠷᠤᠭ ᠢ ᠬᠡᠷᠡᠭᠯᠡᠬᠦ ᠬᠡᠷᠡᠭᠲᠡᠢ᠂ ᠵᠢᠭᠤᠯᠴᠢᠯᠠᠭᠴᠢ ᠶᠢ ᠮᠠᠨ ᠤ | ᠤᠯᠤᠰ ᠤᠨ ᠬᠠᠤᠯᠢ ᠴᠠᠭᠠᠵᠠ ᠳᠦᠷᠢᠮ ᠲᠣᠭᠲᠠᠭᠠᠯ ᠪᠠ ᠨᠡᠶᠢᠭᠡᠮ ᠨᠡᠶᠢᠲᠡ ᠶᠢᠨ ᠶᠣᠰᠣ ᠮᠣᠷᠠᠯ ᠠᠴᠠ ᠵᠥᠷᠢᠴᠡᠭᠰᠡᠨ | ᠵᠦᠢᠯᠡᠰ ᠪᠤᠶᠤ ᠠᠵᠢᠯᠯᠠᠭ᠎ᠠ ᠶᠢ ᠲᠣᠭᠤᠷᠢᠨ ᠦᠵᠡᠭᠦᠯᠬᠦ ᠪᠤᠶᠤ ᠲᠡᠭᠦᠨ ᠳᠤ ᠣᠷᠣᠯᠴᠠᠭᠤᠯᠬᠤ ᠪᠠᠷ ᠲᠣᠬᠢᠷᠠᠭᠤᠯᠵᠤ | ᠪᠣᠯᠬᠤ ᠦᠭᠡᠢ᠃ ᠵᠢᠭᠤᠯᠴᠢᠯᠠᠯ ᠤᠨ ᠦᠢᠯᠡᠴᠢᠯᠡᠭᠡᠨ ᠤ ᠵᠠᠷ ᠮᠡᠳᠡᠭᠡᠨ ᠳᠤ ᠲᠠᠨᠢᠯᠴᠠᠭᠤᠯᠤᠭᠰᠠᠨ ᠵᠢᠭᠤᠯᠴᠢᠯᠠᠯ ᠤᠨ | ᠠᠵᠢᠯᠯᠠᠭ᠎ᠠ ᠳᠤ ᠤᠯᠤᠰ ᠤᠨ ᠬᠠᠤᠯᠢ ᠴᠠᠭᠠᠵᠠ᠂ ᠳᠦᠷᠢᠮ ᠲᠣᠭᠲᠠᠭᠠᠯ ᠤᠨ ᠲᠣᠭᠲᠠᠭᠠᠯ ᠠᠴᠠ ᠵᠥᠷᠢᠴᠡᠭᠰᠡᠨ | ᠠᠭᠤᠯᠭ᠎ᠠ ᠶᠢ ᠪᠠᠭᠲᠠᠭᠠᠵᠤ ᠪᠣᠯᠬᠤ ᠦᠭᠡᠢ ᠭᠡᠵᠡᠢ᠃ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠵᠠᠷ ᠮᠡᠳᠡᠭᠡ ᠶᠢᠨ ᠤᠬᠠᠭᠤᠯᠭ᠎ᠠ ᠶᠢᠨ ᠬᠢᠨᠠᠯᠲᠠ ᠬᠠᠮᠢᠶᠠᠷᠤᠯᠲᠠ ᠬᠢᠨᠠᠨ ᠬᠡᠮᠵᠢᠯᠲᠡ ᠶᠢᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠬᠡᠷᠡᠭᠯᠡᠭᠴᠢᠳ ᠤᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠴᠠᠭ ᠲᠤᠬᠠᠢ | ᠳᠤᠨᠢ ᠪᠠᠶᠢᠴᠠᠭᠠᠨ ᠰᠢᠢᠳᠪᠦᠷᠢᠯᠡᠵᠦ᠂ ᠬᠠᠤᠯᠢ ᠲᠣᠭᠲᠠᠭᠠᠯ ᠶᠣᠰᠣᠭᠠᠷ ᠬᠤᠳᠠᠯ ᠬᠠᠭᠤᠷᠮᠠᠭ ᠬᠠᠤᠯᠢ ᠠᠴᠠ | ᠵᠥᠷᠢᠴᠡᠭᠰᠡᠨ ᠵᠢᠭᠤᠯᠴᠢᠯᠠᠯ ᠤᠨ ᠵᠠᠷ ᠮᠡᠳᠡᠭᠡ ᠨᠡᠶᠢᠲᠡᠯᠡᠬᠦ ᠦᠶᠯᠡ ᠠᠵᠢᠯᠯᠠᠭ᠎ᠠ ᠶᠢ ᠵᠢᠷᠤᠮᠵᠢᠭᠤᠯᠤᠨ ᠪᠠᠶᠢᠴᠠᠭᠠᠨ | ᠰᠢᠢᠳᠪᠦᠷᠢᠯᠡᠵᠦ᠂ ᠦᠶᠯᠡ ᠪᠠᠶᠢᠳᠠᠯ ᠨᠢ ᠬᠠᠷ᠎ᠠ ᠬᠤᠣᠷᠲᠠᠢ᠂ ᠰᠢᠨᠵᠢ ᠴᠢᠨᠠᠷ ᠨᠢ ᠬᠦᠨᠳᠦ ᠨᠣᠴᠢᠲᠠᠢ᠂ ᠨᠥᠯᠥᠭᠡ ᠪᠠᠷ | ᠨᠡᠯᠢᠶᠡᠳ ᠶᠡᠭᠡ ᠬᠠᠤᠯᠢ ᠠᠴᠠ ᠵᠥᠷᠢᠴᠡᠭᠰᠡᠨ ᠬᠡᠷᠡᠭ ᠢ ᠢᠯᠡ ᠨᠡᠶᠢᠲᠡᠯᠡᠵᠦ ᠢᠯᠡᠴᠢᠯᠡᠨ᠎ᠡ᠃ ᠥᠷᠭᠡᠨ ᠣᠯᠠᠨ | ᠬᠡᠷᠡᠭᠯᠡᠭᠴᠢᠳ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠤᠳᠠᠯ ᠬᠠᠭᠤᠷᠮᠠᠭ ᠬᠠᠤᠯᠢ ᠠᠴᠠ ᠵᠥᠷᠢᠴᠡᠭᠰᠡᠨ | ᠵᠢᠭᠤᠯᠴᠢᠯᠠᠯ ᠤᠨ ᠵᠠᠷ ᠰᠤᠷᠲᠠᠯᠴᠢᠯᠠᠭ᠎ᠠ ᠶᠢᠨ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠨ᠎ᠠ᠃ | ᠬᠡᠷᠪᠡ ᠬᠤᠯᠪᠣᠭᠳᠠᠯ ᠪᠦᠬᠦᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠣᠯᠵᠤ ᠮᠡᠳᠡᠪᠡᠯ᠂ | ᠴᠠᠭ ᠲᠤᠬᠠᠢ ᠳᠤᠨᠢ 12315 ᠤᠲᠠᠰᠤ ᠪᠠᠷ ᠬᠤᠯᠪᠤᠭ᠎ᠠ ᠠᠪᠴᠤ ᠢᠯᠡᠴᠢᠯᠡᠨ ᠮᠡᠳᠡᠭᠦᠯᠦᠭᠡᠷᠡᠢ᠃ |