| | ︵ᠰᠤᠷᠪᠤᠯᠵᠢᠯᠠᠭᠴᠢ ᠯᠢᠶᠠᠩ ᠵᠢᠩ ᠱᠤ᠋︶ 8 ᠳ᠋ᠤᠭᠠᠷ ᠰᠠᠷ᠎ᠠ ᠶᠢᠨ 8 ᠤ ᠡᠳᠦᠷ᠂ ᠬᠤᠲᠠ ᠶᠢᠨ | ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠲᠠᠢ ᠬᠠᠮᠳᠤᠷᠠᠨ ᠳᠠᠭᠠᠳᠬᠠᠯ ᠤᠨ ᠮᠡᠬᠡᠯᠡᠯ ᠳᠤ ᠴᠣᠬᠢᠯᠲᠠ ᠥᠭᠬᠦ ᠲᠤᠰᠬᠠᠢ ᠴᠡᠭᠴᠡᠯᠡᠨ ᠵᠠᠰᠠᠬᠤ | ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ | ᠬᠤᠷᠠᠯ ᠳᠡᠭᠡᠷ᠎ᠡ᠂ ︽2023 ᠣᠨ ᠤ ᠡᠮᠴᠢᠯᠡᠭᠡ ᠶᠢᠨ ᠪᠠᠲᠤᠯᠠᠭ᠎ᠠ ᠶᠢᠨ ᠬᠦᠷᠢᠶᠡᠨ ᠳᠠᠬᠢ ᠳᠠᠭᠠᠳᠬᠠᠯ ᠤᠨ | ᠮᠡᠬᠡᠯᠡᠯ ᠳᠤ ᠴᠣᠬᠢᠯᠲᠠ ᠥᠭᠬᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠲᠥᠰᠥᠯ︾ ︵ | ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠤᠩᠰᠢᠵᠤ᠂ ᠡᠮ ᠡᠮᠨᠡᠯᠭᠡ ᠶᠢᠨ ᠪᠠᠶᠢᠭᠤᠯᠤᠮᠵᠢ᠂ | ᠳᠠᠭᠠᠳᠬᠠᠯ ᠳᠤ ᠣᠷᠣᠯᠴᠠᠭᠰᠠᠳ ᠤᠨ ᠭᠤᠣᠯᠳᠠᠯᠭ᠎ᠠ ᠲᠠᠢ ᠴᠡᠭᠴᠡᠯᠡᠨ ᠵᠠᠰᠠᠬᠤ ᠠᠭᠤᠯᠭ᠎ᠠ᠂ ᠲᠤᠰᠬᠠᠢ ᠴᠡᠭᠴᠡᠯᠡᠨ | ᠵᠠᠰᠠᠬᠤ ᠠᠵᠢᠯ ᠤᠨ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠲᠤᠬᠠᠢ ᠨᠠᠷᠢᠨ | ᠲᠣᠳᠣᠷᠬᠠᠶᠢᠯᠠᠯᠲᠠ ᠬᠢᠪᠡ᠃ ᠡᠮᠴᠢᠯᠡᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠲᠦᠷᠦᠭᠦᠯᠡᠨ ᠲᠤᠰᠬᠠᠢ | ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠠᠵᠢᠯᠲᠠᠨ ᠤ ᠬᠦᠴᠦᠨ ᠢ ᠴᠢᠩᠭᠠᠳᠬᠠᠨ᠂ | ᠮᠡᠷᠭᠡᠵᠢᠯ ᠤᠨ ᠠᠷᠭ᠎ᠠ ᠪᠠᠷᠢᠯ ᠢ ᠴᠢᠩᠭᠠᠷᠠᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ | ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠭᠰᠠᠨ ᠡᠮ ᠡᠮᠨᠡᠯᠭᠡ ᠶᠢᠨ ᠦᠢᠯᠡᠴᠢᠯᠡᠭᠡᠨ ᠤ ᠦᠶᠯᠡ ᠠᠵᠢᠯᠯᠠᠭ᠎ᠠ ᠪᠠ | ᠵᠠᠷᠤᠳᠠᠯ ᠳᠤ ᠬᠢᠨᠠᠯᠲᠠ ᠲᠠᠯᠪᠢᠵᠤ᠂ ᠡᠮᠴᠢᠯᠡᠭᠡᠨ ᠤ ᠪᠠᠲᠤᠯᠠᠭ᠎ᠠ ᠶᠢᠨ ᠬᠦᠷᠢᠶ᠎ᠡ ᠴᠠᠷᠠᠭ᠎ᠠ ᠶᠢᠨ ᠬᠠᠤᠯᠢ ᠲᠣᠭᠲᠠᠭᠠᠯ | ᠠᠴᠠ ᠵᠥᠷᠢᠴᠡᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠡᠷᠡᠭᠯᠡᠬᠦ ᠦᠶᠯᠡ ᠠᠵᠢᠯᠯᠠᠭ᠎ᠠ ᠶᠢ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠪᠠᠶᠢᠴᠠᠭᠠᠬᠤ ᠪᠠᠶᠢᠭᠤᠯᠭ᠎ᠠ ᠡᠯ᠎ᠡ ᠲᠦᠷᠦᠯ ᠤᠨ ᠳᠠᠭᠠᠳᠬᠠᠯ ᠢ ᠮᠡᠬᠡᠯᠡᠨ | ᠠᠪᠤᠭᠰᠠᠨ ᠶᠠᠯᠠᠲᠤ ᠬᠡᠷᠡᠭ ᠤᠨ ᠬᠠᠤᠯᠢ ᠶᠣᠰᠣᠭᠠᠷ ᠬᠢᠨᠠᠨ ᠪᠠᠶᠢᠴᠠᠭᠠᠵᠤ ᠪᠠᠷᠢᠪᠴᠢᠯᠠᠬᠤ᠂ ᠬᠢᠨᠠᠨ ᠪᠠᠶᠢᠴᠠᠭᠠᠵᠤ | ᠵᠠᠭᠠᠯᠳᠤᠬᠤ ᠶᠢ ᠬᠠᠷᠢᠭᠤᠴᠠᠬᠤ ᠶᠢᠨ ᠬᠠᠮᠲᠤ ᠬᠤᠯᠪᠣᠭᠳᠠᠯ ᠪᠦᠬᠦᠢ ᠬᠡᠷᠡᠭ ᠢ ᠰᠢᠢᠳᠪᠦᠷᠢᠯᠡᠬᠦ ᠳᠤ ᠬᠠᠤᠯᠢ | ᠴᠠᠭᠠᠵᠠ ᠶᠢᠨ ᠬᠢᠨᠠᠯᠲᠠ ᠲᠠᠯᠪᠢᠨ᠎ᠠ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠡᠮᠴᠢᠯᠡᠭᠡᠨ ᠤ | ᠪᠠᠲᠤᠯᠠᠭ᠎ᠠ ᠶᠢᠨ ᠬᠦᠷᠢᠶ᠎ᠡ ᠴᠠᠷᠠᠭ᠎ᠠ ᠶᠢᠨ ᠬᠡᠷᠡᠭ ᠰᠢᠢᠳᠪᠦᠷᠢᠯᠡᠬᠦ ᠵᠢᠯᠣᠭᠤᠳᠤᠮᠵᠢ ᠶᠢ ᠬᠠᠷᠢᠭᠤᠴᠠᠨ ᠲᠣᠭᠲᠠᠭᠠᠵᠤ᠂ | ᠬᠡᠷᠡᠭ ᠰᠢᠢᠳᠪᠦᠷᠢᠯᠡᠬᠦ ᠴᠤᠪᠤᠷᠠᠯ ᠢ ᠵᠢᠷᠤᠮᠵᠢᠭᠤᠯᠤᠨ᠂ ᠳᠠᠭᠠᠳᠬᠠᠯ ᠤᠨ ᠮᠡᠬᠡᠯᠡᠯ ᠳᠤ ᠴᠣᠬᠢᠯᠲᠠ ᠥᠭᠬᠦ ᠲᠤᠰᠬᠠᠢ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠲᠥᠷᠥᠯ ᠤᠨ ᠳᠠᠭᠠᠳᠬᠠᠯ ᠢ ᠮᠡᠬᠡᠯᠡᠨ ᠠᠪᠤᠭᠰᠠᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠮᠴᠢᠯᠡᠭᠡᠨ ᠤ ᠪᠠᠲᠤᠯᠠᠭ᠎ᠠ ᠶᠢᠨ ᠬᠦᠷᠢᠶ᠎ᠡ ᠴᠠᠷᠠᠭ᠎ᠠ ᠳᠤ ᠡᠷᠡᠭᠦᠦ ᠶᠢᠨ | ᠰᠢᠳᠬᠡᠯ ᠳᠤ ᠥᠯᠥ ᠬᠦᠷᠬᠦ ᠶᠠᠯ᠎ᠠ ᠬᠢᠭᠰᠡᠨ ᠰᠡᠵᠢᠭᠲᠡᠨ ᠢ ᠵᠠᠰᠠᠭ ᠵᠠᠬᠢᠷᠭᠠᠨ ᠢᠶᠠᠷ ᠰᠢᠢᠳᠪᠦᠷᠢᠯᠡᠬᠦ ᠴᠢᠬᠤᠯᠠ ᠲᠠᠢ ᠪᠣᠯ | ᠂ ᠬᠠᠤᠯᠢ ᠶᠣᠰᠣᠭᠠᠷ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠨ᠎ᠡ᠃ ᠡᠳ᠋ ᠤᠨ | ᠵᠠᠰᠠᠭ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠡᠮᠴᠢᠯᠡᠭᠡᠨ ᠤ ᠳᠠᠭᠠᠳᠬᠠᠯ ᠤᠨ | ᠰᠠᠭᠤᠷᠢ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠵᠤ᠂ ᠡᠮᠴᠢᠯᠡᠭᠡᠨ ᠤ | ᠰᠦᠢᠳᠬᠡᠯ ᠬᠤᠷᠢᠶᠠᠬᠤ ᠡᠯᠧᠺᠲᠷᠣᠨ ᠫᠢᠶᠣᠣ ᠪᠠᠷᠢᠮᠲᠠ ᠶᠢ ᠪᠠᠶᠢᠴᠠᠭᠠᠨ ᠰᠢᠯᠭᠠᠬᠤ ᠳᠤ ᠬᠠᠮᠵᠢᠯᠴᠠᠨ᠎ᠠ᠃ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠡᠮᠴᠢᠯᠡᠭᠡᠨ ᠤ ᠪᠠᠶᠢᠭᠤᠯᠤᠮᠵᠢ ᠪᠠ ᠡᠮᠴᠢᠯᠡᠭᠡᠨ ᠤ ᠦᠢᠯᠡᠴᠢᠯᠡᠭᠡᠨ ᠤ | ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢ ᠬᠠᠷᠢᠭᠤᠴᠠᠵᠤ᠂ ᠡᠮᠴᠢᠯᠡᠭᠡᠨ ᠤ | ᠪᠠᠶᠢᠭᠤᠯᠤᠮᠵᠢ ᠶᠢ ᠰᠢᠮᠳᠠᠭᠤᠯᠵᠤ ᠣᠨᠣᠰᠢᠯᠠᠨ ᠡᠮᠨᠡᠬᠦ ᠦᠶᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠡᠮᠴᠢᠯᠡᠭᠡᠨ ᠤ | ᠪᠠᠶᠢᠭᠤᠯᠤᠮᠵᠢ ᠪᠣᠯᠣᠨ ᠬᠠᠮᠢᠶ᠎ᠠ ᠪᠦᠬᠦᠢ ᠠᠵᠢᠯᠲᠠᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ | ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠲᠣᠭᠲᠠᠭᠰᠠᠨ ᠡᠮ ᠡᠮᠨᠡᠯᠭᠡ ᠶᠢᠨ | ᠪᠠᠶᠢᠭᠤᠯᠤᠮᠵᠢ ᠶᠢᠨ ᠪᠠᠶᠢᠴᠠᠭᠠᠯᠲᠠ ᠶᠢᠨ ᠠᠵᠢᠯ ᠢ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ 70% ᠶᠢ | ᠪᠡᠶᠡᠯᠡᠭᠦᠯᠵᠦ᠂ 11 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ 100% ᠶᠢ ᠪᠡᠶᠡᠯᠡᠭᠦᠯᠬᠦ ᠬᠡᠷᠡᠭᠲᠡᠢ᠃ ᠡᠯ᠎ᠡ | ᠰᠠᠯᠠᠭ᠎ᠠ ᠮᠥᠴᠢᠷ ᠤᠳ ᠲᠤᠰᠬᠠᠢ ᠵᠦᠢᠯ ᠢᠶᠠᠷ ᠴᠡᠭᠴᠡᠯᠡᠨ ᠵᠠᠰᠠᠭᠰᠠᠨ ᠠᠬᠢᠴᠠ ᠶᠢᠨ ᠪᠠᠶᠢᠳᠠᠯ ᠢᠶᠠᠨ ᠴᠠᠭ ᠲᠤᠬᠠᠢ | ᠳᠤᠨᠢ ᠡᠮᠬᠢᠯᠡᠨ ᠳᠢᠭᠯᠡᠵᠦ᠂ ᠬᠡᠷᠡᠭ ᠤᠨ ᠨᠡᠶᠢᠲᠡᠯᠢᠭ ᠵᠢᠱᠢᠶ᠎ᠡ ᠶᠢ ᠵᠠᠳᠠᠯᠤᠨ᠂ ᠲᠤᠷᠰᠢᠯᠭ᠎ᠠ ᠪᠠᠨ ᠳ᠋ᠦᠩᠨᠡᠬᠦ ᠪᠠᠨ | ᠴᠢᠩᠭᠠᠳᠬᠠᠬᠤ ᠶᠢᠨ ᠬᠠᠮᠲᠤ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠬᠡᠷᠡᠭᠲᠡᠢ ᠭᠡᠵᠡᠢ᠃ |