ᠪᠣᠣ ᠭᠠᠩ ᠶᠡᠭᠡ ᠲᠦᠷᠭᠡᠨ ᠭᠤᠣᠯ ᠤᠨ ᠲᠡᠭᠦᠷᠭᠡ ᠶᠢᠨ ᠬᠤᠸᠠᠷ ᠴᠡᠴᠡᠭ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/8/11
     ︵ᠰᠤᠷᠪᠤᠯᠵᠢᠯᠠᠭᠴᠢ ᠶᠦᠨ ᠵᠢᠩ︶ 8 ᠳ᠋ᠤᠭᠠᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠶᠡᠭᠡ ᠲᠦᠷᠭᠡᠨ ᠭᠤᠣᠯ ᠤᠨ ᠲᠡᠭᠦᠷᠭᠡ ᠶᠢᠨ ᠬᠤᠸᠠᠷ ᠴᠡᠴᠡᠭ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠡᠢ᠃      ᠭᠤᠣᠯ ᠤᠨ ᠬᠤᠶᠠᠷ ᠡᠷᠭᠢ ᠶᠢᠨ ᠬᠤᠸᠠᠷ ᠴᠡᠴᠡᠭ ᠡᠪᠡᠰᠦ ᠮᠣᠳᠣ ᠭᠤᠣᠯ ᠤᠨ ᠤᠰᠤ ᠲᠠᠢ ᠦᠵᠡᠮᠵᠢ ᠨᠡᠶᠢᠯᠡᠵᠦ᠂ ᠥᠩᠭᠡ ᠢᠯᠭᠠᠷᠠᠭᠰᠠᠨ ᠴᠡᠴᠡᠭ ᠤᠨ ᠳᠤᠮᠳᠠ ᠵᠢᠭᠤᠯᠴᠢᠳ ᠭᠡᠷᠡᠯ ᠵᠢᠷᠤᠭ ᠲᠠᠲᠠᠭᠤᠯᠤᠨ᠂ ᠬᠥᠮᠥᠨ ᠪᠠᠶᠢᠭᠠᠯᠢ ᠶᠢᠨ ᠡᠶ᠎ᠡ ᠵᠣᠬᠢᠴᠠᠯ ᠭᠤᠸ᠎ᠠ ᠰᠠᠶᠢᠬᠠᠨ ᠢ ᠭᠠᠶᠢᠬᠠᠭᠤᠯᠵᠤ᠂ ᠨᠠᠢᠮᠠᠳᠤᠭᠠᠷ ᠰᠠᠷ᠎ᠠ ᠶᠢᠨ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠷᠯᠢᠭ ᠤᠨ ᠦᠵᠡᠮᠵᠢ ᠮᠠᠰᠢ ᠭᠤᠶᠤ᠃ ᠪᠣᠣ ᠭᠠᠩ ᠡᠨᠡ ᠵᠢᠯ ᠤᠨ ᠰᠢᠨ᠎ᠡ ᠪᠠᠷ ᠪᠠᠶᠢᠭᠤᠯᠵᠤ ᠪᠠᠶᠢᠭ᠎ᠠ ᠬᠡᠳᠦᠨ ᠴᠡᠴᠡᠭ ᠤᠨ ᠳᠠᠯᠠᠢ ᠪᠠᠷ ᠬᠦᠷᠴᠦ᠂ ᠲᠠᠷᠢᠭᠰᠠᠨ ᠬᠡᠪᠴᠢᠶ᠎ᠡ᠂ ᠲᠦᠷᠦᠯ ᠵᠦᠢᠯ ᠤᠨ ᠲᠠᠷᠬᠠᠯᠲᠠ᠂ ᠦᠵᠡᠮᠵᠢ ᠶᠢᠨ ᠵᠢᠷᠤᠭ ᠲᠥᠯᠥᠪᠯᠡᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠪᠣᠣ ᠭᠠᠩ ᠬᠡᠯᠡᠬᠦ ᠳᠡᠭᠡᠨ᠂ ᠶᠡᠭᠡ ᠲᠦᠷᠭᠡᠨ ᠭᠤᠣᠯ ᠪᠣᠯ ᠣᠷᠣᠨ ᠤ ᠲᠥᠪ ᠬᠤᠳᠠ ᠶᠢᠨ ᠡᠮᠦᠨ᠎ᠡ ᠬᠡᠰᠡᠭ ᠤᠨ ᠪᠠᠶᠢᠭᠠᠯᠢ ᠶᠢᠨ ᠠᠮᠢ ᠠᠬᠤᠢ ᠶᠢᠨ ᠬᠠᠯᠬᠠᠪᠴᠢ ᠪᠣᠯᠣᠨ᠎ᠠ᠂ ᠶᠡᠭᠡ ᠲᠦᠷᠭᠡᠨ ᠭᠤᠣᠯ ᠤᠨ ᠬᠤᠶᠠᠷ ᠬᠥᠪᠡᠭᠡᠨ ᠳᠤ ᠲᠡᠭᠦᠷᠭᠡ ᠶᠢᠨ ᠴᠡᠴᠡᠭ ᠤᠨ ᠪᠦᠰᠡ ᠪᠠᠶᠢᠭᠤᠯᠬᠤ ᠨᠢ ᠦᠵᠡᠰᠬᠦᠯᠡᠩᠲᠦ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠤᠯᠠᠨ ᠲᠦᠮᠡᠨ ᠳᠤ ᠪᠠᠶᠢᠭᠠᠯᠢ ᠶᠢᠨ ᠭᠤᠶᠤ ᠰᠠᠶᠢᠬᠠᠨ ᠢ ᠡᠳ᠋ᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠸᠠᠷ ᠴᠡᠴᠡᠭ ᠤᠨ ᠪᠦᠰᠡ ᠶᠢ ᠪᠠᠶᠢᠭᠤᠯᠬᠤ ᠳᠠᠭᠠᠨ᠂ ᠪᠠᠶᠢᠭᠠᠯᠢ ᠶᠢᠨ ᠵᠢᠮ᠎ᠡ ᠶᠣᠰᠣ ᠶᠢ ᠵᠢᠷᠤᠮᠯᠠᠨ᠂ ᠨᠢᠭᠡᠳᠦᠯᠲᠡᠢ ᠲᠥᠯᠥᠪᠵᠢᠭᠦᠯᠵᠦ᠂ ᠨᠠᠷᠢᠨ ᠨᠢᠮᠪᠠᠢ ᠵᠢᠷᠤᠵᠤ ᠲᠥᠯᠥᠪᠯᠡᠨ᠂ ᠴᠡᠴᠡᠭ ᠡᠪᠡᠰᠦ ᠪᠠ ᠲᠤᠷᠤᠭ ᠪᠤᠳᠠ ᠮᠣᠳᠣ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠲᠡᠰ ᠳᠠᠪᠬᠤᠷᠭ᠎ᠠ ᠪᠠ ᠦᠵᠡᠮᠦᠷᠢᠲᠦ ᠴᠢᠨᠠᠷ ᠢ ᠬᠠᠷᠠᠭᠤᠯᠵᠤ᠂ ᠬᠥᠳᠡᠭᠡ ᠨᠤᠲᠤᠭ ᠤᠨ ᠥᠩᠭᠡ ᠦᠵᠡᠮᠵᠢ ᠲᠠᠢ᠂ ᠡᠬᠡ ᠪᠠᠶᠢᠭᠠᠯᠢ ᠬᠡᠭᠡᠷ᠎ᠡ ᠬᠥᠳᠡᠭᠡ ᠶᠢᠨ ᠰᠢᠨᠵᠢ ᠶᠢ ᠲᠤᠪᠤᠶᠢᠯᠭᠠᠭᠰᠠᠨ ᠲᠡᠭᠦᠷᠭᠡ ᠶᠢᠨ ᠴᠡᠴᠡᠷᠯᠢᠭ ᠪᠣᠯᠭᠠᠨ ᠪᠠᠶᠢᠭᠤᠯᠬᠤ ᠬᠡᠷᠡᠭᠲᠡᠢ᠃ ᠴᠡᠴᠡᠭᠯᠡᠬᠦ ᠬᠤᠭᠤᠴᠠᠭ᠎ᠠ ᠶᠢ ᠴᠢᠬᠤᠯᠠᠴᠢᠯᠠᠵᠤ᠂ ᠶᠡᠭᠡ ᠲᠦᠷᠭᠡᠨ ᠭᠤᠣᠯ ᠳᠠᠭᠠᠤ ᠣᠯᠠᠷᠢᠯ ᠪᠣᠯᠭᠠᠨ ᠳᠤ ᠰᠣᠨᠢᠷᠬᠠᠬᠤ ᠴᠡᠴᠡᠭ ᠲᠠᠢ᠂ ᠭᠠᠵᠠᠷ ᠪᠣᠯᠭᠠᠨ ᠳᠤ ᠣᠨᠳᠣᠣ ᠦᠵᠡᠮᠵᠢ ᠲᠠᠢ ᠪᠠᠶᠢᠯᠭᠠᠬᠤ ᠬᠡᠷᠡᠭᠲᠡᠢ᠃ ᠦᠵᠡᠮᠵᠢ ᠶᠢᠨ ᠵᠢᠮᠰᠡᠭ᠂ ᠲᠡᠷᠭᠡ ᠵᠣᠭᠰᠣᠭᠠᠬᠤ ᠭᠠᠵᠠᠷ ᠤᠨ ᠲᠦᠬᠦᠷᠴᠢᠯᠡᠭᠰᠡᠨ ᠦᠢᠯᠡᠴᠢᠯᠡᠭᠡ ᠵᠢᠴᠢ ᠡᠯ᠎ᠡ ᠴᠡᠴᠡᠭ ᠤᠨ ᠲᠡᠯᠡᠶ ᠶᠢᠨ ᠵᠢᠷᠤᠭ ᠰᠡᠭᠦᠳᠡᠷ ᠲᠠᠲᠠᠬᠤ ᠰᠣᠳᠣᠨ ᠭᠠᠵᠠᠷ ᠤᠨ ᠲᠡᠮᠳᠡᠭ ᠤᠨ ᠵᠢᠷᠤᠭ ᠲᠥᠯᠥᠪᠯᠡᠭᠡ ᠶᠢ ᠲᠡᠭᠦᠯᠳᠡᠷᠵᠢᠭᠦᠯᠵᠦ᠂ ᠶᠡᠭᠡ ᠲᠦᠷᠭᠡᠨ ᠭᠤᠣᠯ ᠤᠨ ᠲᠡᠭᠦᠷᠭᠡ ᠶᠢᠨ ᠬᠤᠸᠠᠷ ᠴᠡᠴᠡᠭ ᠤᠨ ᠪᠦᠰᠡ ᠶᠢ ᠥᠩᠭᠡ ᠪᠤᠳᠤᠭ ᠲᠠᠢ᠂ ᠠᠭᠤᠯᠤᠭᠳᠠᠬᠤᠨ ᠲᠠᠢ᠂ ᠰᠡᠳᠬᠢᠯ ᠢ ᠲᠤᠯᠠᠭᠠᠴᠠᠭᠤᠯᠬᠤ ︽ᠰᠦᠯᠵᠢᠶᠡᠨ ᠤ ᠰᠣᠳᠣᠨ ᠭᠠᠵᠠᠷ︾ ᠪᠣᠯᠭᠠᠬᠤ ᠬᠡᠷᠡᠭᠲᠡᠢ᠃ ᠵᠠᠮ ᠳᠠᠭᠠᠤ ᠶᠢᠨ ᠣᠷᠣᠨ ᠪᠦᠰᠡ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠴᠡᠴᠡᠭ ᠤᠨ ᠳᠠᠯᠠᠢ ᠶᠢᠨ ᠠᠵᠤ ᠠᠬᠤᠢ᠂ ᠪᠠᠭᠤᠴᠠ ᠶᠢᠨ ᠠᠵᠤ ᠠᠬᠤᠢ ᠶᠢ ᠰᠠᠶᠢᠲᠤᠷ ᠬᠢᠵᠦ᠂ ᠠᠮᠢ ᠠᠬᠤᠢ ᠶᠢᠨ ᠦᠷ᠎ᠡ ᠠᠰᠢᠭ ᠢ ᠨᠡᠩ ᠰᠠᠶᠢᠨ ᠢᠶᠠᠷ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃      ᠲᠤᠰ ᠡᠳᠦᠷ᠂ ᠪᠣᠣ ᠭᠠᠩ ᠪᠠᠰᠠ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠴᠡᠴᠡᠷᠯᠢᠭ ᠤᠨ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠵᠢᠴᠢ ᠪᠠᠪᠠᠢ ᠨᠠᠭᠤᠷ ᠤᠨ ᠠᠮᠢ ᠠᠬᠤᠢ ᠶᠢᠨ ᠰᠡᠷᠭᠦᠭᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠠᠢ᠃      ᠬᠤᠲᠠ ᠶᠢᠨ ᠤᠳᠤᠷᠢᠳᠤᠯᠭ᠎ᠠ ᠸᠠᠩ ᠬᠠᠢ ᠢᠦᠢ᠂ ᠹᠦ᠋ ᠶᠢᠨ ᠽᠠᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1