ᠴᠢᠩ ᠱᠦᠢ ᠾᠧ ᠰᠢᠶᠠᠨ︽ᠬᠤᠶᠠᠷ ᠢ ᠲᠣᠬᠢᠶᠠᠯᠳᠤᠯ ᠢᠶᠠᠷ ᠬᠢᠵᠦ᠂ ᠨᠢᠭᠡ ᠶᠢ ᠢᠯᠠ ᠪᠣᠯᠭᠠᠬᠤ︾ ᠰᠤᠭᠤᠴᠢᠨ ᠪᠠᠶᠢᠴᠠᠭᠠᠬᠤ ᠠᠵᠢᠯ ᠢ ᠢᠳᠡᠪᠬᠢᠲᠡᠢ ᠥᠷᠨᠢᠭᠦᠯᠪᠡ
ᠨᠡᠶᠢᠲᠡᠯᠡᠭᠰᠡᠨ ᠴᠠᠭ᠄
2023/8/11
      ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠬᠦ ᠶᠢᠨ ᠲᠤᠰᠠᠳᠠ᠂ ᠴᠢᠩ ᠱᠦᠢ ᠾᠧ ᠰᠢᠶᠠᠨ ᠤ ᠬᠢᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ 2023 ᠣᠨ ᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠰᠤᠭᠤᠴᠢᠨ ᠪᠠᠶᠢᠴᠠᠭᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃      ᠨᠢᠭᠡ ᠳᠤ ︽ᠨᠢᠭᠡ ᠬᠠᠭᠤᠳᠠᠰᠤ ᠬᠤᠶᠠᠷ ᠬᠥᠮᠥᠷᠭᠡ ᠨᠢᠭᠡ ᠨᠠᠷᠢᠨ ᠳᠦᠷᠢᠮ︾ ᠶᠣᠰᠣᠭᠠᠷ᠂ ᠰᠣᠩᠭᠤᠨ ᠪᠠᠶᠢᠴᠠᠭᠠᠵᠤ ᠬᠢᠨᠠᠯᠲᠠ ᠲᠠᠯᠪᠢᠬᠤ ᠵᠦᠢᠯᠡᠰ ᠢ ᠪᠥᠬᠦ ᠲᠠᠯ᠎ᠠ ᠪᠠᠷ ᠡᠮᠬᠢᠯᠡᠨ ᠭᠠᠷᠭᠠᠵᠤ᠂ 2023 ᠣᠨ ᠤ ᠰᠣᠩᠭᠤᠨ ᠪᠠᠶᠢᠴᠠᠭᠠᠵᠤ ᠬᠢᠨᠠᠯᠲᠠ ᠲᠠᠯᠪᠢᠬᠤ ᠡᠭᠦᠷᠭᠡ ᠶᠢ ᠬᠤᠪᠢᠶᠠᠷᠢᠯᠠᠨ ᠲᠣᠮᠢᠯᠠᠬᠤ᠂ ᠰᠣᠩᠭᠤᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠬᠤ᠂ ᠬᠡᠷᠡᠭᠵᠢᠭᠦᠯᠬᠦ ᠪᠠ ᠡᠴᠦᠰ ᠤᠨ ᠦᠷ᠎ᠡ ᠳ᠋ᠦᠩ ᠢ ᠳ᠋ᠦᠩᠨᠡᠬᠦ ᠶᠢ ᠲᠣᠳᠣᠷᠬᠠᠶᠢᠯᠠᠵᠤ᠂ ᠰᠣᠩᠭᠤᠨ ᠪᠠᠶᠢᠴᠠᠭᠠᠬᠤ ᠬᠡᠪᠴᠢᠶ᠎ᠡ ᠶᠢ ᠵᠠᠭᠠᠭᠯᠠᠨ ᠲᠣᠭᠲᠠᠭᠠᠪᠠ︔ᠬᠤᠶᠠᠷ ᠲᠤ ᠲᠣᠬᠢᠶᠠᠯᠳᠤᠯ ᠢᠶᠠᠷ ᠰᠣᠩᠭᠤᠨ ᠠᠪᠤᠭᠰᠠᠨ ᠠᠵᠤ ᠠᠬᠤᠶᠢᠯᠠᠯ ᠤᠨ ᠨᠡᠷᠡᠰ ᠢ ᠦᠨᠳᠦᠰᠦᠯᠡᠨ᠂ ᠪᠡᠶᠡᠴᠢ ᠴᠣᠭᠴᠠ ᠶᠢᠨ ᠬᠢᠨᠠᠨ ᠬᠠᠮᠢᠶᠠᠷᠬᠤ ᠰᠢᠰᠲ᠋ᠧᠮ ᠢᠶᠠᠷ ᠳᠠᠮᠵᠢᠭᠤᠯᠤᠨ ᠪᠠᠶᠢᠴᠠᠭᠠᠬᠤ ᠠᠵᠢᠯᠲᠠᠨ ᠢ ᠲᠣᠬᠢᠶᠠᠯᠳᠤᠯ ᠢᠶᠠᠷ ᠵᠣᠬᠢᠴᠠᠭᠤᠯᠤᠨ ᠲᠣᠬᠢᠷᠠᠭᠤᠯᠵᠤ᠂ ᠲᠣᠬᠢᠶᠠᠯᠳᠤᠯ ᠢᠶᠠᠷ ᠪᠠᠶᠢᠴᠠᠭᠠᠬᠤ ᠠᠵᠢᠯ ᠤᠨ ︽ᠬᠤᠣᠰ ᠲᠣᠬᠢᠶᠠᠯᠳᠤᠯ ᠢᠶᠠᠷ︾ ᠪᠠᠶᠢᠬᠤ ᠶᠢ ᠪᠡᠶᠡᠯᠡᠭᠦᠯᠪᠡ᠂ ᠣᠳᠣᠬᠠᠨ ᠳᠤ ᠲᠣᠬᠢᠶᠠᠯᠳᠤᠯ ᠢᠶᠠᠷ ᠰᠣᠩᠭᠤᠨ ᠪᠠᠶᠢᠴᠠᠭᠠᠬᠤ ᠠᠵᠢᠯ ᠢ ᠨᠡᠶᠢᠲᠡ 4 ᠵᠦᠢᠯ 21 ᠬᠢᠪᠡ︔ ᡽ᠭᠤᠷᠪᠠ ᠳᠤ ᠰᠤᠭᠤᠴᠢᠨ ᠪᠠᠶᠢᠴᠠᠭᠠᠬᠤ ᠳᠤ ︽ᠨᠢᠭᠡ ᠯᠡ ᠤᠳᠠᠭ᠎ᠠ ᠳᠤ ᠰᠤᠭᠤᠴᠢᠨ ᠠᠪᠴᠤ᠂ ᠪᠥᠬᠦ ᠲᠠᠯ᠎ᠠ ᠪᠠᠷ ᠪᠠᠶᠢᠴᠠᠭᠠᠵᠤ᠂ ᠨᠢᠭᠡ ᠯᠡ ᠤᠳᠠᠭ᠎ᠠ ᠳᠤ ᠪᠡᠶᠡᠯᠡᠭᠦᠯᠬᠦ︾ ᠵᠠᠷᠴᠢᠮ ᠶᠣᠰᠣᠭᠠᠷ᠂ ︽ᠨᠢᠭᠡ ᠯᠡ ᠤᠳᠠᠭ᠎ᠠ ᠳᠤ ᠣᠷᠣᠵᠤ᠂ ᠣᠯᠠᠨ ᠵᠦᠢᠯ ᠤᠨ ᠤᠴᠢᠷ ᠶᠠᠪᠤᠳᠠᠯ ᠢ ᠪᠠᠶᠢᠴᠠᠭᠠᠵᠤ︾᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠭᠠᠷ ᠲᠦᠷᠦᠭᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠣᠳᠣᠬᠠᠨ ᠳᠤ ᠰᠠᠯᠠᠭ᠎ᠠ ᠮᠥᠴᠢᠷ ᠬᠠᠮᠲᠤᠷᠠᠨ 1 ᠵᠦᠢᠯ ᠤᠨ 3 ᠡᠷᠦᠬᠡ ᠶᠢ ᠰᠤᠭᠤᠴᠢᠨ ᠪᠠᠶᠢᠴᠠᠭᠠᠪᠠ︔ᠳᠥᠷᠪᠡ ᠳᠤ᠂ ︽ᠬᠡᠨ ᠪᠠᠶᠢᠴᠠᠭᠠᠪᠠᠯ᠂ ᠬᠡᠨ ᠪᠢᠴᠢᠵᠦ ᠣᠷᠣᠭᠤᠯᠵᠤ᠂ ᠬᠡᠨ ᠢᠯᠡ ᠨᠡᠶᠢᠲᠡᠯᠡᠬᠦ︾ ᠵᠠᠷᠴᠢᠮ ᠶᠣᠰᠣᠭᠠᠷ᠂ ᠰᠤᠭᠤᠴᠢᠨ ᠪᠠᠶᠢᠴᠠᠭᠠᠬᠤ ᠠᠵᠢᠯ ᠢ ᠪᠡᠶᠡᠯᠡᠭᠦᠯᠦᠭᠰᠡᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠰᠤᠭᠤᠴᠢᠨ ᠪᠠᠶᠢᠴᠠᠭᠠᠭᠰᠠᠨ ᠪᠠᠶᠢᠳᠠᠯ ᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ ᠬᠠᠤᠯᠢ ᠶᠣᠰᠣᠭᠠᠷ ᠲᠥᠪᠯᠡᠷᠡᠭᠦᠯᠦᠨ ᠢᠯᠡ ᠨᠡᠶᠢᠲᠡᠯᠡᠵᠦ᠂ ᠠᠵᠤ ᠠᠬᠤᠶᠢᠯᠠᠯ ᠤᠨ ᠰᠤᠭᠤᠴᠢᠨ ᠪᠠᠶᠢᠴᠠᠭᠠᠬᠤ ᠳᠤᠮᠳᠠ ᠣᠷᠣᠰᠢᠵᠤ ᠪᠠᠶᠢᠭ᠎ᠠ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠢ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠰᠤᠭᠤᠴᠢᠨ ᠪᠠᠶᠢᠴᠠᠭᠠᠬᠤ ᠶᠢ ᠢᠯᠡ ᠪᠣᠯᠭᠠᠬᠤ᠂ ᠲᠥᠪ ᠭᠤᠥᠯᠴᠢ᠂ ᠵᠢᠷᠤᠮᠵᠢᠯ ᠲᠠᠢ ᠠᠵᠢᠯᠯᠠᠬᠤ ᠶᠢ ᠦᠨᠡᠨ ᠬᠦ ᠪᠠᠲᠤᠯᠠᠪᠠ᠃      ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠪᠠ ᠰᠤᠭᠤᠴᠢᠨ ᠪᠠᠶᠢᠴᠠᠭᠠᠭᠰᠠᠨ ᠮᠡᠳᠡᠭᠡ ᠵᠠᠩᠭᠢ ᠶᠢ ᠨᠢᠭᠡᠨᠲᠡ ᠪᠦᠬᠦᠨ ᠢ ᠵᠠᠷᠯᠠᠨ ᠨᠡᠶᠢᠲᠡᠯᠡᠵᠦ᠂ ᠲᠣᠰ ᠠᠵᠢᠯ ᠢ ᠮᠥᠨ ᠬᠦ ᠶᠠᠪᠤᠭᠳᠠᠭᠤᠯᠵᠤ ᠪᠠᠶᠢᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1