ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 15 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/11
      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠧᠨ ᠬᠤᠷᠴᠠ 8 ᠳ᠋ᠤᠭᠠᠷ ᠰᠠᠷ᠎ᠠ ᠶᠢᠨ 7 ᠤ ᠡᠳᠦᠷ ᠰᠢᠶᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠤᠯᠠᠮᠵᠢᠯᠠᠭᠰᠠᠨ ᠨᠢ᠂ ᠴᠢᠩ ᠱᠦᠢ ᠾᠧ ᠰᠢᠶᠠᠨ ᠤ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ ᠬᠠᠳᠤᠨ ᠭᠤᠣᠯ ᠤᠨ︽几 ᠦᠰᠦᠭ ᠤᠨ ᠮᠤᠷᠤᠶᠢᠯᠲᠠ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠦᠷᠦᠯ ᠵᠦᠢᠯ ᠢ ᠲᠥᠯᠥᠪᠵᠢᠭᠦᠯᠦᠭᠰᠡᠨ ᠪᠠᠶᠢᠳᠠᠯ᠂ ᠪᠦᠬᠦ ᠰᠢᠶᠠᠨ ᠤ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ᠂ ᠪᠦᠬᠦ ᠰᠢᠶᠠᠨ ᠤ ᠦᠶᠡᠷ ᠢ ᠰᠡᠷᠭᠡᠶᠢᠯᠡᠬᠦ ᠠᠵᠢᠯ ᠤᠨ ᠪᠠᠶᠢᠳᠠᠯ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ ᠥᠷᠨᠢᠭᠦᠯᠦᠭᠰᠡᠨ ᠵᠢᠴᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠤᠯᠠᠮᠵᠢᠯᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠬᠤᠯᠪᠣᠭᠳᠠᠯ ᠪᠤᠶᠢᠭᠦᠢ ᠰᠠᠯᠠᠭ᠎ᠠ ᠮᠥᠴᠢᠷ ᠤᠨ ᠬᠢᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠯᠦᠪᠵᠢᠭᠦᠯᠭᠡ ᠪᠠ ᠲᠥᠰᠥᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠬᠡᠷᠡᠭᠵᠢᠭᠦᠯᠵᠦ᠂ ᠨᠢᠭᠲᠠ ᠬᠠᠮᠵᠢᠯᠴᠠᠨ᠂  ︽ᠤᠮᠠᠷᠠᠲᠤ ᠶᠢᠨ ᠭᠤᠷᠪᠠᠨ ᠣᠷᠣᠨ︾ ᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠠ ᠢ ᠰᠠᠶᠢᠲᠤᠷ ᠬᠢᠬᠦ  ᠳᠤ ᠰᠠᠶᠢᠨ ᠡᠬᠢᠯᠡᠯᠲᠡ ᠲᠠᠢ ᠪᠣᠯᠭᠠᠬᠤ ᠬᠡᠷᠡᠭᠲᠡᠢ᠃ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠪᠥᠬᠦ ᠰᠢᠶᠠᠨ ᠤ ᠲᠠᠪᠤᠳᠤᠭᠠᠷ ᠤᠳᠠᠭᠠᠨ ᠤ ᠪᠥᠬᠦ ᠤᠯᠤᠰ᢭ᠣᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠳᠤᠲᠠᠭᠤ ᠶᠢ ᠨᠥᠬᠦᠪᠦᠷᠢᠯᠡᠵᠦ᠂ ᠰᠢᠮᠳᠠᠭᠤᠯᠤᠨ ᠪᠠᠶᠢᠴᠠᠭᠠᠭᠰᠠᠨ ᠤ ᠬᠦᠷᠦᠯᠴᠡᠬᠦ ᠦᠭᠡᠢ ᠭᠠᠵᠠᠷ ᠢ ᠴᠢᠩᠭ᠎ᠠ ᠵᠢᠷᠤᠮᠯᠠᠨ ᠴᠠᠭ ᠲᠤᠬᠠᠢ᢭ ᠲᠤᠨᠢ ᠴᠡᠭᠴᠡᠯᠡᠨ ᠰᠠᠶᠢᠵᠢᠷᠠᠭᠤᠯᠵᠤ᠂ ᠠᠵᠢᠯ ᠤᠨ ᠪᠠᠲᠤᠯᠠᠭ᠎ᠠ ᠪᠠᠨ ᠴᠢᠩᠭᠠᠳᠬᠠᠨ᠂ ᠨᠡᠶᠢᠳᠡᠮ ᠪᠠᠶᠢᠴᠠᠭᠠᠯᠲᠠ ᠶᠢᠨ ᠪᠡᠯᠡ ᠮᠥᠩᠭᠦ ᠶᠢ ᠢᠳᠡᠪᠬᠢᠲᠡᠢ ᠪᠠᠷ ᠪᠡᠯᠡᠳᠬᠡᠨ ᠲᠣᠬᠢᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠠᠷᠤᠳᠠᠯ ᠤᠨ ᠪᠠᠲᠤᠯᠠᠭ᠎ᠠ ᠶᠢ ᠦᠨᠡᠨᠬᠦ ᠪᠠᠲᠤᠯᠠᠵᠤ᠂ ᠪᠥᠬᠦ ᠰᠢᠶᠠᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠢ ᠪᠥᠭᠡᠳ ᠥᠨᠳᠥᠷ ᠦᠷ᠎ᠡ ᠪᠦᠲᠦᠮᠵᠢᠲᠡᠶ ᠪᠠᠷ ᠪᠡᠶᠡᠯᠡᠭᠦᠯᠬᠦ ᠬᠡᠷᠡᠭᠲᠡᠢ᠃ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠮᠠᠨ ᠤ ᠰᠢᠶᠠᠨ ᠤ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠵᠤ᠂ ᠵᠢᠭᠰᠠᠭᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠡᠷᠲᠡ ᠠᠴᠠ ᠰᠡᠷᠭᠡᠶᠢᠯᠡᠬᠦ᠂ ᠡᠷᠲᠡ ᠠᠴᠠ ᠣᠷᠣᠯᠴᠠᠬᠤ᠂ ᠡᠷᠲᠡ ᠠᠴᠠ ᠠᠷᠢᠯᠭᠠᠬᠤ ᠶᠢ ᠪᠠᠷᠢᠮᠲᠠᠯᠠᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠠᠶᠤᠯ ᠲᠦᠭᠰᠢᠭᠦᠷᠢ ᠶᠢᠨ ᠭᠡᠮ ᠰᠣᠭᠤᠭ ᠢ ᠨᠢᠭᠡ ᠶᠢ ᠰᠢᠢᠳᠪᠦᠷᠢᠯᠡᠪᠡᠯ ᠨᠢᠭᠡ ᠶᠢ ᠬᠠᠰᠤᠵᠤ᠂ ᠠᠰᠠᠭᠤᠳᠠᠯ ᠢ ᠰᠢᠢᠳᠪᠦᠷᠢᠯᠡᠬᠦ ᠦᠭᠡᠢ ᠪᠣᠯ ᠲᠠᠯᠪᠢᠵᠤ ᠶᠠᠪᠤᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ᠡᠭᠦᠨ ᠤ ᠵᠡᠷᠭᠡᠴᠡᠭᠡᠪᠡᠷ᠂ ᠴᠠᠯᠢᠩ ᠥᠷᠢᠲᠦᠬᠦ ᠠᠶᠤᠯ ᠲᠦᠭᠰᠢᠭᠦᠷᠢ ᠶᠢᠨ ᠲᠠᠯᠳᠠ ᠭᠡᠮ ᠢ ᠡᠬᠢ ᠰᠤᠷᠪᠤᠯᠵᠢ ᠠᠴᠠ ᠨᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠵᠤ᠂ ᠬᠥᠯᠥᠰᠦᠨ ᠠᠵᠢᠯᠴᠢᠨ ᠤ ᠬᠥᠳᠡᠯᠮᠦᠷᠢ ᠶᠢᠨ ᠬᠥᠯᠥᠰᠦ ᠣᠯᠭᠤᠮᠵᠢ ᠶᠢᠨ ᠡᠷᠬᠡ ᠠᠰᠢᠭ ᠢ ᠦᠨᠡᠨ ᠬᠦ ᠪᠠᠲᠤᠯᠠᠵᠤ᠂ ᠬᠥᠯᠥᠰᠦᠨ ᠠᠵᠢᠯᠴᠢᠨ ᠤ ᠴᠠᠯᠢᠩ ᠤᠨ ᠪᠠᠲᠤᠯᠠᠭ᠎ᠠ ᠶᠢᠨ ᠰᠢᠰᠲ᠋ᠧᠮ ᠢ ᠪᠠᠲᠤ ᠪᠠᠬᠢ ᠪᠠᠶᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠰᠢᠶᠠᠨ ᠤ ᠡᠯ᠎ᠡ ᠰᠢᠶᠠᠩ ᠪᠠᠯᠭᠠᠰᠤ᠂ ᠬᠤᠯᠪᠣᠭᠳᠠᠯ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠦᠶᠡᠷ ᠢ ᠰᠡᠷᠭᠡᠶᠢᠯᠡᠬᠦ ᠡᠳ᠋ ᠪᠣᠳᠠᠰ ᠢ ᠳᠣᠲᠣᠷ᠎ᠠ ᠪᠠᠨ ᠲᠤᠭ᠎ᠠ ᠲᠠᠢ ᠪᠠᠶᠢᠯᠭᠠᠵᠤ᠂ ᠦᠶᠡᠷ ᠢ ᠰᠡᠷᠭᠡᠶᠢᠯᠡᠬᠦ ᠬᠤᠭᠤᠴᠠᠭᠠᠨ ᠳᠤ ᠨᠥᠭᠡᠴᠡ ᠡᠳ᠋ ᠪᠣᠳᠠᠰ ᠢ ᠴᠠᠭ ᠲᠤᠬᠠᠢ ᠳᠤᠨᠢ ᠲᠣᠬᠢᠷᠠᠭᠤᠯᠤᠨ ᠭᠠᠷᠭᠠᠵᠤ᠂ ᠬᠡᠷᠡᠭᠯᠡᠵᠦ ᠳᠡᠶᠢᠯᠬᠦ ᠶᠢ ᠪᠠᠲᠤᠯᠠᠬᠤ ᠬᠡᠷᠡᠭᠲᠡᠢ᠃ᠭᠤᠣᠯ ᠤᠳᠤᠷᠢᠳᠤᠯᠭ᠎ᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠠᠴᠢᠮ ᠪᠠᠶᠢᠳᠠᠯ ᠢ ᠠᠷᠭᠠᠴᠠᠬᠤ ᠶᠢ ᠡᠬᠢᠯᠡᠭᠦᠯᠬᠦ ᠨᠥᠬᠦᠴᠡᠯ ᠵᠢᠴᠢ ᠴᠤᠤᠷᠢᠶᠠᠲᠤᠨ ᠳᠠᠭᠠᠬᠤ ᠠᠵᠢᠯᠯᠠᠭ᠎ᠠ ᠶᠢ ᠰᠠᠶᠢᠲᠤᠷ ᠣᠶᠢᠯᠠᠭᠠᠵᠤ᠂ ᠰᠢᠨᠵᠢᠯᠡᠬᠦ ᠤᠬᠠᠭᠠᠨᠴᠢ ᠪᠠᠷ ᠵᠢᠯᠤᠭᠤᠳᠴᠤ᠂ ᠡᠷᠡᠰ ᠰᠢᠭᠤᠷᠬᠠᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠤᠯᠠᠨ ᠲᠦᠮᠡᠨ ᠢ ᠴᠠᠭ ᠲᠤᠬᠠᠢ ᠳᠤᠨᠢ ᠬᠥᠲᠥᠯᠥᠨ ᠵᠢᠯᠤᠭᠤᠳᠴᠤ ᠪᠠᠶᠢᠭᠠᠳ ᠰᠢᠯᠵᠢᠭᠦᠯᠦᠨ ᠠᠶᠤᠯ ᠠᠴᠠ ᠵᠠᠶᠢᠯᠠᠭᠤᠯᠬᠤ ᠬᠡᠷᠡᠭᠲᠡᠢ᠃ᠰᠤᠷᠭᠠᠭᠤᠯᠢ᠂ ᠭᠠᠵᠠᠷ ᠳᠣᠣᠷᠠᠬᠢ ᠭᠡᠷ᠂ ᠬᠤᠳᠠᠯᠳᠤᠭᠠᠨ ᠤ ᠲᠠᠯᠠᠪᠤᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠴᠢᠭᠯᠡᠭᠦᠯᠦᠨ᠂ ᠳᠠᠶᠢᠴᠢᠯᠠᠬᠤ ᠰᠣᠷᠢᠯᠲᠠ ᠶᠢ ᠤᠷᠢᠳᠴᠢᠯᠠᠨ ᠥᠷᠨᠢᠭᠦᠯᠵᠦ᠂ ᠭᠡᠨᠡᠳᠲᠡ ᠶᠢᠨ ᠠᠶᠤᠯ ᠭᠠᠮᠰᠢᠭ ᠤᠨ ᠪᠠᠶᠢᠳᠠᠯ ᠳᠤ ᠲᠣᠬᠢᠶᠠᠯᠳᠤᠪᠠᠯ᠂ ᠲᠡᠷᠡ ᠳᠠᠷᠤᠢ ᠳᠤᠨᠢ ᠠᠶᠤᠯ ᠠᠴᠠ ᠠᠪᠤᠷᠠᠨ ᠲᠤᠰᠠᠯᠠᠬᠤ ᠠᠵᠢᠯ ᠢ ᠥᠷᠨᠢᠭᠦᠯᠵᠦ᠂ ᠭᠠᠮᠰᠢᠭ ᠤᠨ ᠬᠤᠬᠢᠷᠠᠯ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1