ᠾᠧ ᠬᠠᠢ ᠳ᠋ᠦᠩ ᠵᠧᠵᠢᠶᠠᠩ ᠤᠨ ᠴᠢᠩᠬᠤᠸᠠ ᠶᠡᠭᠡ ᠰᠤᠷᠭᠠᠭᠤᠯᠢ ᠶᠢᠨ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠰᠤᠳᠤᠯᠭᠠᠨ ᠤ ᠬᠦᠷᠢᠶᠡᠯᠡᠩ᠂ ᠵᠧᠵᠢᠶᠠᠩ ᠤᠨ ᠷᠦᠩ ᠱᠧᠩ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ ᠰᠤᠷᠪᠤᠯᠵᠢᠯᠠᠪᠠ
ᠨᠡᠶᠢᠲᠡᠯᠡᠭᠰᠡᠨ ᠴᠠᠭ᠄
2023/8/14
      ︵ᠰᠤᠷᠪᠤᠯᠵᠢᠯᠠᠭᠴᠢ ᠯᠢᠶᠠᠩ ᠵᠢᠩ ᠱᠤ᠋︶ 8 ᠳ᠋ᠤᠭᠠᠷ ᠰᠠᠷ᠎ᠠ ᠶᠢᠨ 11 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠵᠧᠵᠢᠶᠠᠩ ᠮᠤᠵᠢ ᠶᠢᠨ ᠵᠢᠶᠠᠰᠢᠩ ᠬᠤᠳᠠ᠂ ᠬᠠᠩᠵᠧᠦ ᠬᠤᠳᠠ ᠳᠤ ᠬᠦᠷᠴᠦ ᠵᠧᠵᠢᠶᠠᠩ ᠤᠨ ᠴᠢᠩᠬᠤᠸᠠ ᠶᠡᠭᠡ ᠰᠤᠷᠭᠠᠭᠤᠯᠢ ᠶᠢᠨ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠰᠤᠳᠤᠯᠭᠠᠨ ᠤ ᠬᠦᠷᠢᠶᠡᠯᠡᠩ᠂ ᠵᠧᠵᠢᠶᠠᠩ ᠤᠨ ᠷᠦᠩ ᠱᠧᠩ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ ᠪᠠᠷ ᠰᠤᠷᠪᠤᠯᠵᠢᠯᠠᠪᠠ᠃     ᠵᠧᠵᠢᠶᠠᠩ ᠤᠨ ᠴᠢᠩᠬᠤᠸᠠ ᠶᠡᠭᠡ ᠰᠤᠷᠭᠠᠭᠤᠯᠢ ᠶᠢᠨ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠰᠤᠳᠤᠯᠭᠠᠨ ᠤ ᠬᠦᠷᠢᠶᠡᠯᠡᠩ ᠳᠤ᠂ ᠾᠧ ᠬᠠᠢ ᠳ᠋ᠦᠩ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠭᠰᠡᠨ ᠪᠥᠭᠡᠳ ᠰᠤᠳᠤᠯᠭᠠᠨ ᠤ ᠬᠦᠷᠢᠶᠡᠯᠡᠩ ᠤᠨ ᠨᠠᠮ ᠤᠨ ᠬᠤᠷᠢᠶ᠎ᠠ ᠶᠢᠨ ᠱᠦᠵᠢ᠂ ᠬᠦᠷᠢᠶᠡᠯᠡᠩ ᠤᠨ ᠳᠠᠷᠤᠭ᠎ᠠ ᠬᠤᠸᠠᠩ ᠺᠠᠢ ᠱᠧᠩ᠂ ᠥᠪᠥᠷ ᠮᠣᠩᠭᠤᠯ ᠤᠨ ᠬᠡᠪᠯᠡᠯ ᠤᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠸᠠᠩ ᠶᠠ ᠳ᠋ᠦᠩ ᠲᠠᠢ ᠰᠠᠭᠤᠳᠠᠯ ᠤᠨ ᠬᠤᠷᠠᠯ ᠬᠢᠵᠦ᠂ ᠬᠤᠯᠪᠣᠭᠳᠠᠯ ᠪᠦᠬᠦᠢ ᠬᠠᠮᠲᠤᠷᠠᠯᠴᠠᠭᠠᠨ ᠤ ᠶᠠᠪᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃ ᠾᠧ ᠬᠠᠢ ᠳ᠋ᠦᠩ᠂ ᠬᠤᠸᠠᠩ ᠺᠠᠢ ᠱᠧᠩ᠂ ᠸᠠᠩ ᠶᠠ ᠳ᠋ᠦᠩ ᠬᠠᠮᠲᠤᠪᠠᠷ ᠵᠧᠵᠢᠶᠠᠩ ᠤᠨ ᠴᠢᠩᠬᠤᠸᠠ ᠶᠡᠭᠡ ᠰᠤᠷᠭᠠᠭᠤᠯᠢ ᠶᠢᠨ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠰᠤᠳᠤᠯᠭᠠᠨ ᠤ ᠬᠦᠷᠢᠶᠡᠯᠡᠩ ᠤᠨ ᠬᠥᠬᠡᠬᠤᠲᠠ ᠶᠢᠨ ᠰᠢᠨ᠎ᠡ ᠬᠤᠳᠠ ᠲᠣᠭᠤᠷᠢᠭ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠭᠰᠠᠨ ᠢ ᠭᠡᠷᠡᠴᠢᠯᠡᠵᠡᠢ᠃      ᠵᠧᠵᠢᠶᠠᠩ ᠤᠨ ᠷᠦᠩ ᠱᠧᠩ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ ᠳᠤ᠂ ᠾᠧ ᠬᠠᠢ ᠳ᠋ᠦᠩ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠱᠦᠢ ᠷᠦᠩ ᠲᠠᠢ ᠰᠠᠭᠤᠳᠠᠯ ᠤᠨ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠬᠠᠮᠲᠤᠷᠠᠯᠴᠠᠭᠠᠨ ᠤ ᠲᠦᠷᠦᠯ ᠵᠦᠢᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃ ᠯᠢ ᠱᠦᠢ ᠷᠦᠩ ᠢᠯᠡᠳᠬᠡᠬᠦ ᠳᠡᠭᠡᠨ᠂ ᠳᠠᠷᠠᠭᠠᠴᠢ ᠶᠢᠨ ᠠᠯᠬᠤᠮ ᠳᠤ ᠵᠧᠵᠢᠶᠠᠩ ᠤᠨ ᠷᠦᠩ ᠱᠧᠩ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ ᠦᠷᠭᠦᠯᠵᠢᠯᠡᠨ ᠬᠥᠬᠡᠬᠤᠲᠠ ᠳᠤ ᠭᠦᠨᠵᠡᠭᠡᠶᠢᠷᠡᠨ ᠰᠢᠨᠵᠢᠯᠡᠨ ᠪᠠᠶᠢᠴᠠᠭᠠᠨ ᠰᠤᠳᠤᠯᠤᠯᠲᠠ ᠬᠢᠵᠦ᠂ ᠪᠡᠯᠡ ᠣᠷᠣᠭᠤᠯᠬᠤ ᠰᠠᠨᠠᠮᠵᠢ ᠪᠠᠨ ᠲᠣᠭᠲᠠᠭᠠᠨ᠎ᠠ ᠭᠡᠵᠡᠢ᠃      ᠮᠠᠨ ᠤ ᠬᠤᠲᠠ ᠶᠢᠨ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1