ᠪᠣᠣ ᠭᠠᠩ ᠬᠤᠷᠠᠯ ᠳᠤ ᠣᠷᠣᠯᠴᠠᠵᠤ ᠾᠧ ᠬᠠᠢ ᠳ᠋ᠦᠩ ᠦᠨᠡᠯᠡᠯᠲᠡ ᠬᠢᠵᠦ ᠴᠠᠩ ᠫᠧᠢ ᠵᠦᠩ ᠣᠷᠣᠯᠴᠠᠵᠠᠢ | ︵ᠰᠤᠷᠪᠤᠯᠵᠢᠯᠠᠭᠴᠢ ᠶᠦᠨ ᠵᠢᠩ︶ 8 ᠳ᠋ᠤᠭᠠᠷ ᠰᠠᠷ᠎ᠠ ᠶᠢᠨ 12 ᠤᠨ ᠡᠳᠦᠷ᠂ ᠪᠦᠬᠦ ᠬᠤᠳᠠ ᠶᠢᠨ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠦᠮᠡᠳ | ᠵᠡᠭᠦᠨ ᠬᠤᠰᠢᠭᠤ᠂ ᠲᠣᠭᠲᠠᠬᠤ ᠰᠢᠶᠠᠨ ᠤ ᠠᠬᠤᠢ ᠲᠠᠯᠠᠪᠠᠢ ᠶᠢᠨ ᠬᠤᠷᠠᠯ ᠬᠤᠷᠠᠯᠳᠤᠵᠤ᠂ ᠲᠣᠭᠤᠷᠢᠨ ᠦᠵᠡᠬᠦ | ᠶᠠᠪᠤᠴᠠ ᠨᠢ ᠪᠦᠬᠦ ᠬᠤᠳᠠ ᠶᠢᠨ ᠳᠡᠭᠡᠳᠦ ᠳᠣᠣᠷᠠᠳᠤ ᠱᠠᠲᠤᠨ ᠤ ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ | ᠠᠵᠢᠯ ᠤᠨ ᠣᠷᠭᠢᠯᠤᠮ᠎ᠠ ᠰᠡᠳᠬᠢᠯᠭᠡ ᠪᠣᠯᠣᠨ ᠦᠢᠯᠡᠰ ᠪᠣᠰᠬᠠᠬᠤ ᠤᠷᠮ᠎ᠠ ᠵᠣᠷᠢᠭ ᠢ ᠬᠥᠭᠵᠢᠭᠡᠵᠦ᠂ ᠪᠣᠳᠠᠲᠤ | ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ | ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ | ᠶᠠᠪᠤᠳᠠᠯ ᠢ ᠨᠠᠶᠢᠳᠠᠪᠤᠷᠢᠵᠢᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠪᠦᠦ ᠭᠠᠩ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠲᠠ ᠶᠢᠨ ᠳᠠᠷᠤᠭ᠎ᠠ ᠾᠧ ᠬᠠᠢ ᠳ᠋ᠦᠩ ᠪᠣᠯᠣᠨ ᠳᠠᠭᠠᠭᠠᠴᠢᠯᠠᠨ ᠬᠠᠷᠢᠯᠴᠠᠬᠤ ᠬᠤᠲᠠ ᠶᠢᠨ ᠤᠳᠤᠷᠢᠳᠤᠯᠭ᠎ᠠ ᠰᠢᠨ | ᠨᠠ ᠲᠣᠰ ᠲᠣᠰ ᠦᠨᠡᠯᠡᠯᠲᠡ ᠬᠢᠵᠦ᠂ ᠴᠠᠩ ᠫᠧᠢ ᠵᠥᠩ ᠵᠡᠷᠭᠡ ᠬᠤᠲᠠ ᠶᠢᠨ ᠤᠳᠤᠷᠢᠳᠤᠯᠭ᠎ᠠ ᠵᠢᠴᠢ ᠡᠯ᠎ᠡ | ᠬᠤᠰᠢᠭᠤ ᠰᠢᠶᠠᠨ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠬᠥᠬᠡᠬᠤᠲᠠ ᠳᠤ | ᠰᠠᠭᠤᠭ᠎ᠠ ᠬᠡᠰᠡᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠠᠬᠤᠢ ᠲᠠᠯᠠᠪᠠᠢ ᠶᠢᠨ | ᠬᠤᠷᠠᠯ ᠳᠤ ᠣᠷᠣᠯᠴᠠᠵᠠᠢ᠃ | ᠨᠢᠭᠡ ᠡᠳᠦᠷ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠲᠣᠭᠲᠠᠬᠤ | ᠰᠢᠶᠠᠨ ᠤ ᠳ᠋ᠠ ᠲᠠᠩ ᠤᠨ ᠬᠥᠬᠡ ᠵᠢᠵᠢᠭ ᠪᠠᠯᠭᠠᠰᠤ᠂ ᠵᠢᠯ ᠳᠤ 2.5 ᠲᠦᠮᠡᠨ ᠲᠣᠨ ᠴᠡᠪᠡᠷ ᠡᠯᠧᠺᠲᠷᠣᠨ ᠬᠡᠢ | ᠪᠡᠶᠡᠲᠦ ᠦᠢᠯᠡᠳᠪᠦᠷᠢᠯᠡᠬᠦ ᠲᠦᠷᠦᠯ ᠵᠦᠢᠯ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠡᠨᠧᠷᠬᠢ ᠬᠠᠳᠠᠭᠠᠯᠠᠬᠤ | ᠺᠣᠮᠫᠠᠨᠢ ᠶᠢᠨ ᠲᠤᠰᠠᠭᠠᠷ ᠬᠠᠮᠲᠤ ᠪᠠᠷ ᠡᠳ᠋ᠯᠡᠬᠦ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠂ ᠯᠠᠩ ᠺᠦᠨ ᠲᠡᠮᠦᠷᠯᠢᠭ | ᠨᠠᠲᠷᠢ᠂ ᠵᠦᠩ ᠰᠢᠶᠠᠩ ᠰᠢᠩᠭᠡᠨ ᠪᠠᠶᠢᠭᠠᠯᠢ ᠶᠢᠨ ᠰᠢᠲᠠᠮᠠᠬᠠᠢ ᠬᠡᠢ᠂ ᠥᠪᠥᠷ ᠮᠣᠩᠭᠤᠯ ᠤᠨ ᠢ ᠳ᠋ᠥᠸᠧ ᠯᠢ ᠶᠢᠨ | ᠭᠤᠷᠪᠠᠳᠤᠭᠠᠷ ᠬᠤᠭᠤᠴᠠᠭᠠᠨ ᠤ 2 ᠲᠦᠮᠡᠨ ᠲᠣᠨ ᠤ ᠠᠮᠢᠳᠤ ᠪᠣᠳᠠᠰ ᠤᠨ ᠢᠰᠬᠡᠭᠦᠷ ᠤᠨ ᠰᠢᠨ᠎ᠡ ᠶᠢ ᠡᠭᠦᠳᠬᠦ ᠪᠠ | ᠦᠷ᠎ᠡ ᠪᠦᠲᠦᠭᠡᠯ ᠢ ᠠᠵᠤ ᠦᠢᠯᠡᠰᠵᠢᠭᠦᠯᠬᠦ ᠵᠡᠷᠭᠡ ᠲᠥᠷᠥᠯ ᠵᠦᠢᠯ᠂ ᠬᠠᠲᠤᠨ ᠭᠤᠣᠯ ᠤᠨ ᠳᠠᠩ ᠭᠠᠵᠠᠷ ᠠᠴᠠ | ᠨᠡᠭᠦᠯᠭᠡᠨ ᠲᠥᠪᠬᠢᠨᠡᠭᠦᠯᠬᠦ ᠬᠠᠷᠠᠯᠲᠠ ᠭᠠᠵᠠᠷ ᠪᠣᠯᠬᠤ ᠯᠢᠦ ᠯᠢᠨ ᠲᠠᠨ ᠰᠢᠨ᠎ᠡ ᠲᠣᠰᠬᠤᠨ᠂ ᠲᠣᠭᠲᠠᠬᠤ ᠰᠢᠶᠠᠨ ᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠦᠢᠯᠡᠳᠦᠯᠭᠡ ᠬᠥᠮᠥᠵᠢᠯ ᠤᠨ ᠰᠠᠭᠤᠷᠢᠨ ᠭᠠᠵᠠᠷ᠂ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ | ᠣᠷᠣᠨ ᠤ ᠲᠥᠯᠦᠪᠵᠢᠭᠦᠯᠭᠡ ᠶᠢᠨ ᠦᠵᠡᠭᠦᠯᠦᠯᠭᠡ ᠶᠢᠨ ᠣᠷᠳᠣᠨ᠂ ᠢᠯᠢ ᠶᠢᠨ 5G ᠶᠢᠨ ᠪᠦᠬᠦ ᠠᠵᠤ ᠦᠢᠯᠡᠰ ᠤᠨ | ᠬᠡᠯᠬᠢᠶ᠎ᠡ ᠶᠢᠨ ᠣᠶᠤᠨᠲᠤ ᠠᠮᠢ ᠠᠬᠤᠢ ᠶᠢᠨ ᠳᠡᠭᠡᠳᠦ ᠲᠡᠰ ᠤᠨ ᠪᠢᠰᠢᠯᠠᠭ ᠤᠨ ᠦᠢᠯᠡᠳᠪᠦᠷᠢᠯᠡᠯ ᠤᠨ ᠰᠠᠭᠤᠷᠢᠨ | ᠭᠠᠵᠠᠷ᠂ ᠥᠪᠥᠷ ᠮᠣᠩᠭᠤᠯ ᠤᠨ ᠵᠦᠩ ᠲᠦᠩ ᠲᠦᠷᠭᠡᠨ ᠬᠦᠷᠭᠡᠯᠲᠡ ᠶᠢᠨ ᠣᠶᠤᠨᠲᠤ ᠰᠢᠨᠵᠢᠯᠡᠬᠦ ᠤᠬᠠᠭᠠᠨ | ᠮᠡᠷᠭᠡᠵᠢᠯ ᠤᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ᠂ ᠴᠡᠯᠡᠭᠡᠷ ᠲᠠᠯ᠎ᠠ ᠠᠮᠢ ᠠᠬᠤᠢ ᠶᠢᠨ | ᠣᠶᠤᠨᠲᠤ ᠮᠠᠯᠵᠢᠯ ᠤᠨ ᠲᠠᠯᠠᠪᠠᠢ᠂ ᠮᠧᠩ ᠼᠣᠣ ᠶᠢᠨ ᠰᠠᠶᠢᠨ ᠡᠭᠦᠯᠳᠡᠷ ᠤᠨ ᠴᠠᠷᠭᠠᠰᠤ ᠪᠣᠶᠢᠵᠢᠭᠤᠯᠬᠤ ᠰᠠᠭᠤᠷᠢᠨ | ᠭᠠᠵᠠᠷ ᠪᠣᠯᠣᠨ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠲᠣᠭᠤᠷᠢᠨ | ᠦᠵᠡᠪᠡ᠃ ᠠᠵᠤ ᠦᠢᠯᠡᠰ ᠤᠨ ᠪᠠᠶᠢᠷᠢ ᠲᠣᠭᠲᠠᠭᠠᠯᠲᠠ ᠲᠣᠳᠣᠷᠬᠠᠢ ᠰᠢᠨ᠎ᠡ ᠲᠦᠷᠦᠯ ᠵᠦᠢᠯ ᠰᠠᠶᠢᠨ ᠲᠦᠷᠦᠯ | ᠵᠦᠢᠯ ᠪᠣᠯᠭᠠᠨ ᠨᠢ᠂ ᠡᠷᠴᠢ ᠬᠦᠴᠦ ᠲᠠᠢ ᠠᠷᠠᠳ ᠤᠨ ᠰᠡᠳᠬᠢᠯ ᠢ ᠲᠤᠯᠠᠭᠠᠯᠠᠬᠤ ᠭᠤᠣᠯᠳᠠᠯᠭ᠎ᠠ ᠲᠠᠢ ᠠᠵᠢᠯ ᠪᠦᠷᠢ | ᠨᠢ ᠬᠤᠶᠠᠷ ᠭᠠᠵᠠᠷ ᠤᠨ ᠠᠵᠤ ᠦᠢᠯᠡᠰ ᠤᠨ ᠬᠥᠭᠵᠢᠯᠲᠡ ᠶᠢᠨ ᠢᠯᠡ ᠲᠣᠳᠣ ᠣᠨᠴᠠᠯᠢᠭ ᠪᠣᠯᠣᠨ ᠴᠢᠨᠠᠷ ᠰᠠᠶᠢᠲᠠᠢ | ᠬᠥᠭᠵᠢᠯᠲᠡ ᠶᠢ ᠲᠦᠷᠭᠡᠳᠬᠡᠬᠦ ᠢᠲᠡᠭᠡᠯ ᠵᠣᠷᠢᠭ ᠢ ᠠᠮᠢᠳᠤᠯᠢᠭ ᠢᠶᠠᠷ ᠬᠠᠷᠠᠭᠤᠯᠵᠤ᠂ ᠪᠠᠰᠠ ᠴᠦ ᠬᠤᠶᠠᠷ ᠭᠠᠵᠠᠷ ᠤᠨ | ᠺᠠᠳ᠋ᠷᠴᠤᠳ ᠤᠨ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠦᠨᠡᠨ ᠠᠳᠬᠤᠨ ᠪᠣᠳᠠᠲᠠᠢ | ᠠᠵᠢᠯᠯᠠᠬᠤ ᠤᠷᠮ᠎ᠠ ᠵᠣᠷᠢᠭ ᠪᠣᠯᠣᠨ ᠠᠮᠢᠵᠢᠷᠠᠯ ᠤᠨ ᠬᠦᠴᠦᠨ ᠢ ᠬᠥᠭᠵᠢᠭᠡᠭᠰᠡᠨ ᠪᠠᠶᠢᠨ᠎ᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠣᠳᠣᠬᠢᠴᠢᠯᠠᠭᠰᠠᠨ | ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠳᠤ ᠠᠵᠤ ᠦᠢᠯᠡᠳᠪᠦᠷᠢ ᠪᠣᠯ ᠲᠣᠯᠣᠭᠠᠶᠢᠯᠠᠭᠴᠢ ᠮᠥᠨ᠂ ᠵᠠᠩᠭᠢᠯᠠᠭ᠎ᠠ | ᠮᠥᠨ᠃ ᠲᠦᠮᠡᠳ ᠵᠡᠭᠦᠨ ᠬᠤᠰᠢᠭᠤ ᠪᠣᠯᠣᠨ ᠲᠣᠭᠲᠠᠬᠤ ᠰᠢᠶᠠᠨ ︽ᠠᠵᠤ ᠦᠢᠯᠡᠳᠪᠦᠷᠢ ᠪᠠᠷ ᠬᠤᠰᠢᠭᠤ ᠪᠠᠨ | ᠬᠦᠴᠦᠷᠬᠡᠭᠵᠢᠭᠦᠯᠬᠦ︾᠂ ︽ᠠᠵᠤ ᠦᠢᠯᠡᠳᠪᠦᠷᠢ ᠪᠠᠷ ᠰᠢᠶᠠᠨ ᠢᠶᠠᠨ ᠬᠦᠴᠦᠷᠬᠡᠭᠵᠢᠭᠦᠯᠬᠦ︾ ᠬᠥᠭᠵᠢᠯᠲᠡ ᠶᠢᠨ | ᠵᠠᠮ ᠢᠶᠠᠷ ᠭᠤᠶᠢᠪᠢᠰᠢ ᠦᠭᠡᠢ ᠵᠠᠮᠨᠠᠵᠤ᠂ ᠪᠣᠳᠠᠲᠤ ᠴᠣᠭᠴᠠ ᠶᠢᠨ ᠠᠵᠤ ᠠᠬᠤᠢ ᠶᠢ ᠠᠳᠬᠤᠬᠤ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢ ᠠᠳᠬᠤᠬᠤ᠂ ᠬᠦᠷᠢᠶᠡᠯᠡᠩ ᠲᠣᠭᠤᠷᠢᠭ ᠢ ᠠᠳᠬᠤᠬᠤ᠂ ᠲᠦᠷᠦᠯ ᠵᠦᠢᠯ ᠢ | ᠠᠳᠬᠤᠬᠤ ᠶᠢ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠠᠵᠠ ᠲᠣᠬᠢᠶᠠᠯ ᠢ ᠵᠠᠪᠳᠤᠨ ᠠᠳᠬᠤᠬᠤ ᠪᠠᠴᠢᠮ ᠲᠤᠯᠭᠠᠮ᠎ᠠ | ᠰᠡᠳᠬᠢᠯᠭᠡ ᠲᠠᠢ ᠪᠠᠶᠢᠬᠤ ᠬᠡᠷᠡᠭᠲᠡᠢ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠬᠤ ᠳᠠᠭᠠᠨ ᠴᠢᠳᠠᠮᠠᠭᠠᠢ | ᠪᠠᠶᠢᠵᠤ᠂ ᠠᠵᠠ ᠲᠣᠬᠢᠶᠠᠯ ᠢ ᠵᠠᠪᠳᠤᠵᠤ᠂ ᠤᠯᠤᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠴᠢᠬᠤᠯᠠ ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠤᠯᠤᠰ ᠤᠨ ᠡᠨᠧᠷᠭᠢ ᠶᠢᠨ ᠴᠢᠬᠤᠯᠠ ᠰᠠᠭᠤᠷᠢᠨ ᠭᠠᠵᠠᠷ ᠢ | ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠰᠠᠶᠢᠲᠤᠷ ᠡᠵᠡᠮᠳᠡᠵᠦ᠂ ᠲᠥᠷᠥ ᠶᠢᠨ | ᠪᠣᠳᠣᠯᠭ᠎ᠠ ᠶᠢ ᠭᠦᠨᠵᠡᠭᠡᠢ ᠰᠤᠳᠤᠯᠵᠤ᠂ ᠲᠣᠰ ᠭᠠᠵᠠᠷ ᠣᠷᠣᠨ ᠤ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠪᠠ | ᠳᠠᠪᠠᠭᠤᠯᠢᠭ ᠠᠵᠤ ᠦᠢᠯᠡᠰ ᠯᠦᠭᠡ ᠵᠣᠬᠢᠴᠠᠯᠳᠤᠭᠰᠠᠨ ᠵᠠᠩᠭᠢᠯᠠᠭ᠎ᠠ ᠶᠢᠨ ᠴᠡᠭ ᠢ ᠣᠨᠣᠪᠴᠢᠲᠠᠶ ᠡᠷᠢᠨ ᠣᠯᠵᠤ᠂ ᠨᠢᠭᠡ | ᠪᠦᠯᠦᠭ ᠪᠥᠬᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠪᠠᠷᠠᠭᠠᠯᠬᠢᠯᠠᠯ ᠤᠨ ᠴᠢᠨᠠᠷᠲᠠᠢ᠂ | ᠳᠠᠶᠢᠴᠢᠯᠠᠬᠤ ᠴᠢᠨᠠᠷ ᠢᠶᠠᠷ ᠴᠢᠩᠭ᠎ᠠ ᠴᠢᠬᠤᠯᠠ ᠶᠡᠭᠡ ᠲᠥᠷᠥᠯ ᠵᠦᠢᠯ ᠢ ᠲᠦᠷᠭᠡᠨ ᠰᠦᠪᠡᠭᠴᠢᠯᠡᠨ ᠠᠬᠢᠭᠤᠯᠵᠤ᠂ | ᠴᠢᠨᠠᠷ ᠰᠠᠶᠢᠲᠠᠢ ᠬᠥᠭᠵᠢᠯᠲᠡ ᠳᠤ ᠲᠠᠰᠤᠷᠠᠯᠲᠠ ᠦᠭᠡᠢ ᠬᠦᠴᠦᠷᠬᠡᠭ ᠶᠡᠭᠡ ᠬᠥᠳᠡᠯᠭᠡᠭᠴᠢ ᠬᠦᠴᠦᠨ ᠬᠠᠩᠭᠠᠬᠤ | ᠬᠡᠷᠡᠭᠲᠡᠢ᠃ ᠰᠠᠭᠤᠷᠢ ᠲᠠᠯᠪᠢᠬᠤ᠂ ᠠᠯᠤᠰ ᠢᠷᠡᠭᠡᠳᠦᠢ ᠳᠤ ᠠᠰᠢᠭᠲᠠᠢ ᠶᠠᠪᠤᠳᠠᠯ ᠢ ᠢᠯᠡᠭᠦᠬᠡᠨ ᠬᠢᠵᠦ᠂ ᠶᠡᠭᠡ | ᠲᠠᠯ᠎ᠠ ᠶᠢ ᠪᠣᠳᠣᠯᠬᠢᠯᠠᠬᠤ᠂ ᠠᠯᠤᠰ ᠢᠷᠡᠭᠡᠳᠦᠢ ᠶᠢ ᠪᠣᠳᠣᠯᠬᠢᠯᠠᠬᠤ ᠣᠶᠢᠯᠠᠭᠠᠭᠳᠠᠬᠤᠨ ᠢ ᠪᠠᠷᠢᠮᠲᠠᠯᠠᠵᠤ᠂ ︽ᠭᠠᠪᠢᠶ᠎ᠠ | ᠵᠢᠳᠬᠦᠯ ᠮᠢᠨᠤ ᠪᠠᠶᠢᠬᠤ ᠨᠢ ᠴᠢᠬᠤᠯᠠ ᠪᠢᠰᠢ︾ ᠭᠡᠬᠦ ᠬᠠᠶᠢᠷ᠎ᠠ ᠰᠡᠳᠬᠢᠯᠭᠡ ᠪᠠ ᠪᠠᠶᠢᠷᠢᠰᠢᠯ ᠢ ᠪᠤᠢ ᠪᠣᠯᠭᠠᠵᠤ᠂ | ᠪᠤᠳᠤᠯ ᠰᠠᠨᠠᠭ᠎ᠠ ᠪᠠ ᠤᠶᠤᠨ ᠴᠢᠳᠠᠯ ᠢᠶᠠᠨ ᠬᠥᠭᠵᠢᠯᠲᠡ ᠶᠢᠨ ᠰᠠᠭᠤᠷᠢ ᠶᠢ ᠪᠠᠲᠤᠳᠬᠠᠬᠤ᠂ ᠬᠥᠭᠵᠢᠯᠲᠡ ᠶᠢᠨ | ᠰᠡᠯᠭᠦᠬᠦ ᠬᠦᠴᠦᠨ ᠢ ᠨᠡᠮᠡᠭᠳᠡᠭᠦᠯᠬᠦ᠂ ᠠᠷᠠᠳ ᠢᠷᠭᠡᠳ ᠲᠤ ᠪᠤᠶᠠᠨ ᠦᠢᠯᠡᠳᠬᠦ ᠳᠡᠭᠡᠷ᠎ᠡ ᠬᠡᠷᠡᠭᠯᠡᠬᠦ ᠬᠡᠷᠡᠭᠲᠡᠢ᠃ ᠡᠯ᠎ᠡ | ᠰᠠᠯᠠᠭ᠎ᠠ ᠮᠥᠴᠢᠷ ᠦᠢᠯᠡᠴᠢᠯᠡᠭᠡ ᠪᠠᠨ ᠰᠢᠯᠢᠳᠡᠭᠵᠢᠭᠦᠯᠦᠨ᠂ ᠪᠠᠲᠤᠯᠠᠭ᠎ᠠ ᠪᠠᠨ ᠴᠢᠩᠭᠠᠳᠬᠠᠵᠤ᠂ ᠰᠢᠶᠠᠨ ᠤ | ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠳᠡᠮᠵᠢᠯᠭᠡ ᠬᠠᠩᠭᠠᠬᠤ ᠬᠡᠷᠡᠭᠲᠡᠢ | ᠭᠡᠵᠡᠢ᠃ |