ᠴᠢᠩ ᠱᠦᠢ ᠾᠧ ᠰᠢᠶᠠᠨ ᠤ 2023 ᠣᠨ ᠤ ᠦᠨᠳᠦᠰᠦᠨ ᠱᠠᠲᠤᠨ ᠤ ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2023/8/16
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠠᠭᠤᠯᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠢ ᠪᠣᠯᠪᠠᠰᠤᠷᠠᠭᠤᠯᠬᠤ ᠡᠷᠴᠢᠮ ᠢ ᠴᠢᠨᠠᠭᠰᠢᠳᠠ ᠴᠢᠩᠭᠠᠷᠠᠭᠤᠯᠬᠤ ᠶᠢᠨ ᠲᠤᠰᠠᠳᠠ᠂ 8 ᠳ᠋ᠤᠭᠠᠷ ᠰᠠᠷ᠎ᠠ ᠶᠢᠨ 14  ᠤ ᠡᠳᠦᠷ᠂ ᠴᠢᠩ ᠱᠦᠢ ᠾᠧ ᠰᠢᠶᠠᠨ ᠤ 2023 ᠣᠨ ᠤ ᠦᠨᠳᠦᠰᠦᠨ ᠱᠠᠲᠤᠨ ᠤ ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠪᠣᠯᠪᠠᠰᠤᠷᠠᠯ ᠤᠨ ᠠᠩᠭᠢ ᠰᠤᠷᠤᠯᠭ᠎ᠠ ᠡᠬᠢᠯᠡᠪᠡ᠃      ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠠᠭᠤᠯᠵᠤ᠂ ᠴᠢᠩ ᠱᠦᠢ ᠾᠧ ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠰᠢᠩ ᠸᠠᠨ ᠷᠦᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ︽ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠭᠦᠨ ᠬᠠᠯᠠᠮᠵᠢᠯᠠᠯ ᠢ ᠭᠦᠨᠵᠡᠭᠡᠢ ᠣᠶᠢᠯᠠᠭᠠᠬᠤ︾︽ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠶᠠᠷᠢᠶ᠎ᠠ ᠶᠢᠨ ᠪᠠᠶᠠᠯᠢᠭ ᠠᠭᠤᠯᠬᠤᠨ ᠢ ᠭᠦᠨᠵᠡᠭᠡᠢ ᠣᠶᠢᠯᠠᠭᠠᠬᠤ︾︽ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠶᠠᠷᠢᠶ᠎ᠠ ᠶᠢᠨ ᠲᠤᠬᠠᠢ ᠬᠡᠳᠦᠨ ᠪᠣᠳᠣᠯᠬᠢᠯᠠᠯ ᠢ ᠲᠤᠭᠤᠰᠢᠯᠠᠠᠭᠤᠯᠬᠤ︾ ᠪᠠᠷ ᠭᠤᠣᠯᠳᠠᠭᠤᠯᠵᠤ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠣᠯᠪᠠᠰᠤᠷᠠᠯ ᠳᠤ ᠣᠷᠣᠯᠴᠠᠭᠰᠠᠨ ᠡᠯ᠎ᠡ ᠰᠤᠷᠤᠭᠴᠢᠳ ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠬᠥᠮᠦᠵᠢᠯ ᠪᠣᠯᠪᠠᠰᠤᠷᠠᠯ ᠥᠷᠨᠢᠭᠦᠯᠬᠦ ᠶᠢᠨ ᠠᠴᠢ ᠬᠤᠯᠪᠣᠭᠳᠠᠯ ᠢ ᠭᠦᠢᠴᠡᠳ ᠲᠠᠨᠢᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠡᠷᠡᠰ ᠨᠢᠭᠡᠳᠬᠡᠬᠦ ᠬᠡᠷᠡᠭᠲᠡᠢ᠃ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠡᠵᠡᠮᠰᠢᠬᠦ ᠶᠢ ᠪᠠᠷᠢᠮᠲᠠᠯᠠᠵᠤ᠂ ᠰᠣᠷᠣᠭᠰᠠᠨ ᠤᠨᠤᠯ ᠤᠨ ᠮᠡᠳᠡᠯᠭᠡ ᠪᠠᠨ ᠦᠨᠡᠨᠬᠦ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠴᠢᠩ ᠱᠦᠢ ᠾᠧ ᠶᠢᠨ ᠪᠦᠲᠦᠭᠡᠨ ᠪᠠᠶᠢᠭᠤᠯᠤᠯᠲᠠ ᠳᠤ ᠰᠢᠨ᠎ᠡ ᠪᠥᠭᠡᠳ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃      ᠲᠣᠰ ᠤᠳᠠᠭᠠᠨ ᠤ ᠪᠣᠯᠪᠠᠰᠤᠷᠠᠯ ᠨᠢ ᠨᠢᠭᠡ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠲᠤᠰᠬᠠᠢ ᠰᠡᠳᠦᠪ ᠢᠶᠠᠷ ᠬᠢᠴᠢᠶᠡᠯᠯᠡᠬᠦ ᠠᠷᠭ᠎ᠠ ᠮᠠᠶ᠋ᠢᠭ ᠢ ᠠᠪᠴᠤ᠂ ᠬᠢᠴᠢᠶᠡᠯ ᠤᠨ ᠪᠠᠶᠢᠷᠢᠯᠠᠭᠤᠯᠤᠯᠲᠠ ᠶᠢᠨ ᠭᠤᠣᠯ ᠰᠡᠳᠦᠪ ᠨᠢ ᠢᠯᠡ ᠲᠣᠳᠣ᠂ ᠣᠨᠣᠯ ᠤᠨ ᠴᠢᠨᠠᠷ ᠪᠠ ᠬᠡᠷᠡᠭᠯᠡᠭᠡᠨ ᠤ ᠴᠢᠨᠠᠷ ᠢ ᠬᠤᠣᠰᠯᠠᠭᠤᠯᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠢ ᠰᠤᠷᠤᠯᠴᠠᠯᠭ᠎ᠠ ᠶᠢᠨ ᠳᠤᠮᠳᠠ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠠᠵᠢᠯ ᠳᠤ ᠬᠦᠴᠦᠨ ᠴᠢᠳᠠᠯ ᠢᠶᠠᠨ ᠡᠷᠭᠦᠭᠦᠯᠬᠦ ᠪᠠᠷ ᠪᠠᠶᠢᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1