︽ᠰᠢᠨᠵᠢᠯᠡᠬᠦ ᠤᠬᠠᠭᠠᠨ ᠮᠡᠷᠭᠡᠵᠢᠯ ᠢᠶᠠᠷ ᠬᠡᠦᠬᠡᠳ ᠤᠨ ᠰᠡᠳᠬᠢᠯ ᠢ ᠤᠮᠳᠠᠯᠠᠵᠤ ᠰᠠᠶᠢᠨ ᠳᠤᠷ᠎ᠠ ᠶᠢᠨ ᠦᠢᠯᠡᠴᠢᠯᠡᠭᠡ ᠪᠠᠷ ᠠᠷᠠᠳ ᠤᠨ ᠰᠡᠳᠬᠢᠯ ᠢ ᠳᠤᠯᠠᠭᠠᠴᠠᠭᠤᠯᠬᠤ︾ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/16
     8 ᠳ᠋ᠤᠭᠠᠷ ᠰᠠᠷ᠎ᠠ ᠶᠢᠨ 15 ᠤ ᠡᠳᠦᠷ᠂ ᠴᠢᠩ ᠱᠦᠢ ᠾᠧ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠰᠢᠶᠠᠨ ᠤ ᠵᠠᠯᠠᠭᠤᠴᠤᠳ ᠪᠠᠭᠠᠴᠤᠳ ᠤᠨ ᠠᠵᠢᠯᠯᠠᠭ᠎ᠠ ᠶᠢᠨ ᠲᠥᠪ ᠲᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠬᠡᠦᠬᠡᠳ ᠤᠨ ᠰᠡᠳᠬᠢᠯ ᠢ ᠤᠮᠳᠠᠯᠠᠵᠤ ᠰᠠᠶᠢᠨ ᠳᠤᠷ᠎ᠠ ᠶᠢᠨ ᠦᠢᠯᠡᠴᠢᠯᠡᠭᠡ ᠪᠠᠷ ᠠᠷᠠᠳ ᠤᠨ ᠰᠡᠳᠬᠢᠯ ᠢ ᠳᠤᠯᠠᠭᠠᠴᠠᠭᠤᠯᠬᠤ︾ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠡᠢ᠃      ᠠᠵᠢᠯᠯᠠᠭ᠎ᠠ ᠳᠤᠮᠳᠠ᠂ ᠪᠢᠴᠢᠬᠠᠨ ᠲᠠᠶᠢᠯᠪᠤᠷᠢᠯᠠᠭᠴᠢ ᠲᠤᠬᠠᠢ ᠶᠢᠨ ᠲᠠᠯᠠᠪᠤᠷ ᠲᠤ ᠪᠠᠶᠢᠭᠰᠠᠨ ᠪᠢᠴᠢᠬᠠᠨ ᠨᠠᠶᠢᠵᠠ ᠨᠠᠷ ᠲᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠰᠡᠯ ᠢ ᠬᠡᠷᠡᠭᠯᠡᠬᠦ ᠠᠷᠭ᠎ᠠ ᠶᠢ ᠨᠠᠷᠢᠨ ᠲᠠᠶᠢᠯᠪᠤᠷᠢᠯᠠᠵᠤ ᠥᠭᠬᠦ ᠶᠢᠨ ᠬᠠᠮᠲᠤ ᠪᠢᠴᠢᠬᠠᠨ ᠨᠠᠶᠢᠵᠠ ᠨᠠᠷ ᠤᠨ ᠳᠤᠷᠠᠳᠤᠭᠰᠠᠨ ᠠᠰᠠᠭᠤᠯᠲᠠ ᠳᠤ ᠬᠦᠯᠢᠴᠡᠩᠭᠦᠢ ᠪᠠᠷ ᠬᠠᠷᠢᠭᠤᠯᠲᠠ ᠬᠢᠪᠡ᠃ ᠰᠤᠷᠪᠤᠯᠵᠢᠯᠠᠭᠴᠢ ᠦ᠋ ᠽᠢ ᠰᠢᠤᠸᠠᠨ ᠴᠢᠮᠡᠭᠡᠯᠡᠭᠴᠢ ᠴᠢᠶᠣᠤ ᠶᠧ ᠶᠧ ᠰᠡᠭᠦᠳᠡᠷᠯᠡᠪᠡ
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1