ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠪᠥᠬᠦ ᠲᠠᠯ᠎ᠠ ᠶᠢᠨ ᠦᠢᠯᠡᠴᠢᠯᠡᠭᠡ ᠶᠢ ᠲᠦᠯᠬᠢᠨ ᠠᠬᠢᠭᠤᠯᠵᠤ᠂ | ᠨᠠᠩ ᠴᠢᠨᠠᠷ ᠰᠠᠶᠢᠲᠠᠢ ᠠᠵᠢᠯ ᠣᠯᠭᠤᠯᠲᠠ ᠶᠢ ᠠᠬᠢᠭᠤᠯᠤᠨ᠂ ᠬᠥᠳᠡᠯᠮᠦᠷᠢᠴᠢᠳ ᠤᠨ ᠠᠵᠢᠯ ᠡᠷᠢᠵᠦ ᠠᠵᠢᠯ ᠣᠯᠬᠤ | ᠪᠠ ᠬᠥᠮᠥᠨ ᠬᠡᠷᠡᠭᠯᠡᠬᠦ ᠨᠢᠭᠡᠴᠡ ᠶᠢᠨ ᠠᠵᠢᠯᠲᠠᠨ ᠡᠯᠰᠡᠬᠦ ᠳᠤ ᠬᠥᠮᠥᠨ ᠤ ᠬᠦᠴᠦᠨ ᠤ ᠡᠬᠢ ᠪᠠᠶᠠᠯᠢᠭ ᠤᠨ ᠬᠠᠩᠭᠠᠯᠭ᠎ᠠ | ᠬᠡᠷᠡᠭᠴᠡᠭᠡ ᠶᠢᠨ ᠲᠠᠪᠴᠠᠩ ᠪᠠᠶᠢᠭᠤᠯᠵᠤ ᠥᠭᠬᠦ ᠶᠢᠨ ᠲᠤᠰᠠᠳᠠ᠂ 8 ᠳ᠋ᠤᠭᠠᠷ ᠰᠠᠷ᠎ᠠ ᠶᠢᠨ 13 ᠤ ᠡᠳᠦᠷ᠂ 2023 | ᠣ᠊ ᠭᠤᠣᠯᠲᠤ ᠪᠣᠷᠣ ᠶᠢ ᠦᠨᠳᠦᠰᠦᠯᠡᠭᠦᠯᠬᠦ · ᠣᠶᠤᠲᠠᠳ ᠢ ᠬᠥᠬᠡᠬᠤᠲᠠ ᠳᠤ ᠦᠯᠡᠳᠡᠭᠡᠬᠦ︾ ᠲᠤᠰᠬᠠᠢ ᠠᠵᠢᠯᠯᠠᠭ᠎ᠠ | ᠵᠢᠴᠢ ᠠᠯᠲᠠᠨ ᠨᠠᠮᠤᠷ ᠤᠨ ᠲᠣᠮᠣ ᠬᠡᠯᠪᠡᠷᠢ ᠶᠢᠨ ᠠᠵᠢᠯᠲᠠᠨ ᠡᠯᠰᠡᠬᠦ ᠲᠤᠬᠠᠢ ᠶᠢᠨ ᠲᠠᠯᠠᠪᠤᠷ ᠤᠨ ᠬᠤᠷᠠᠯ | ᠬᠥᠬᠡᠬᠤᠲᠠ ᠳᠤ ᠡᠬᠢᠯᠡᠵᠦ᠂ ᠴᠢᠩ ᠱᠦᠢ ᠾᠧ ᠰᠢᠶᠠᠨ ᠤ ᠭᠤᠷᠪᠠᠳᠤᠭᠠᠷ ᠪᠠᠭ᠎ᠠ ᠰᠤᠷᠭᠠᠭᠤᠯᠢ ᠳᠤ ᠬᠤᠪᠢᠶᠠᠷᠢ | ᠬᠤᠷᠠᠯ ᠤᠨ ᠲᠠᠯᠠᠪᠠᠶ ᠲᠣᠬᠢᠷᠠᠭᠤᠯᠪᠠ᠃ | | | | | | | | | | | | | ᠲᠤᠰ ᠤᠳᠠᠭᠠᠨ ᠤ ᠠᠵᠢᠯᠯᠠᠭ᠎ᠠ ᠶᠢ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ | ᠭᠤᠣᠯᠯᠠᠨ ᠡᠷᠭᠢᠯᠡᠵᠦ᠂ ᠴᠢᠩ ᠱᠦᠢ ᠾᠧ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠬᠢᠭᠡᠳ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ︽ᠠᠵᠢᠯ | ᠣᠯᠭᠤᠯᠲᠠ ᠶᠢᠨ ᠬᠤᠲᠠ᠂ ᠢᠷᠡᠭᠡᠳᠦᠢ ᠶᠢᠨ ᠠᠮᠵᠢᠯᠲᠠ ᠶᠢ ᠪᠡᠶᠡᠯᠡᠭᠦᠯᠦᠶ᠎ᠡ︾ ᠭᠡᠳᠡᠭ ᠢᠶᠠᠷ ᠭᠤᠣᠯ ᠰᠡᠳᠦᠪ ᠪᠣᠯᠭᠠᠵᠤ | ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ︽ᠲᠤᠬᠠᠢ ᠶᠢᠨ ᠲᠠᠯᠠᠪᠤᠷ ᠤᠨ ᠠᠵᠢᠯᠲᠠᠨ ᠡᠯᠰᠡᠬᠦ + | ᠰᠦᠯᠵᠢᠶ᠎ᠡ ᠪᠠᠷ ᠰᠢᠭᠤᠳ ᠨᠡᠪᠲᠡᠷᠡᠭᠦᠯᠬᠦ︾ ᠬᠡᠯᠪᠡᠷᠢ ᠶᠢ ᠠᠪᠴᠤ᠂ ᠠᠵᠢᠯᠯᠠᠭ᠎ᠠ ᠳᠤ ᠲᠤᠬᠠᠢ ᠶᠢᠨ ᠲᠠᠯᠠᠪᠤᠷ ᠤᠨ | ᠠᠵᠢᠯᠲᠠᠨ ᠡᠯᠰᠡᠬᠦ ᠵᠥᠪᠳᠡᠯᠴᠡᠭᠡᠨ ᠤ ᠲᠣᠭᠤᠷᠢᠭ᠂ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢᠨ ᠠᠵᠢᠯ ᠤᠨ | ᠪᠠᠶᠢᠷᠢ ᠳᠠᠭᠠᠭᠤᠯᠬᠤ ᠲᠤᠰᠬᠠᠢ ᠲᠣᠭᠤᠷᠢᠭ ᠪᠠ ᠠᠵᠢᠯ ᠣᠯᠭᠤᠯᠲᠠ ᠶᠢᠨ ᠤᠬᠠᠭᠤᠯᠤᠨ ᠵᠢᠯᠤᠭᠤᠳᠬᠤ ᠲᠤᠰᠬᠠᠢ | ᠲᠣᠭᠤᠷᠢᠭ ᠭᠠᠷᠭᠠᠵᠤ᠂ ᠠᠵᠢᠯ ᠡᠷᠢᠭᠰᠡᠳ ᠪᠠ ᠬᠥᠮᠥᠨ ᠬᠡᠷᠡᠭᠯᠡᠬᠦ ᠨᠢᠭᠡᠴᠡ ᠳᠤ ᠠᠵᠢᠯ ᠣᠯᠭᠤᠯᠲᠠ ᠶᠢᠨ | ᠵᠣᠯᠭᠠᠯᠳᠤᠭᠤᠯᠬᠤ ᠲᠠᠪᠴᠠᠩ ᠪᠠᠶᠢᠭᠤᠯᠵᠤ ᠥᠭᠪᠡ᠃ | ᠣᠳᠣᠬᠠᠨ ᠳᠤ᠂ ᠶᠠᠭ ᠣᠶᠤᠲᠠᠳ ᠤᠨ ᠰᠤᠷᠭᠠᠭᠤᠯᠢ ᠲᠡᠭᠦᠰᠴᠦ ᠠᠵᠢᠯ ᠡᠷᠢᠬᠦ ᠵᠠᠩᠭᠢᠯᠠᠭ᠎ᠠ ᠶᠢᠨ ᠴᠠᠭ ᠦᠶ᠎ᠡ | ᠪᠣᠯᠣᠨ᠎ᠠ᠃ᠰᠤᠷᠪᠤᠯᠵᠢᠯᠠᠭᠴᠢ ᠠᠵᠢᠯᠲᠠᠨ ᠡᠯᠰᠡᠬᠦ ᠬᠤᠷᠠᠯ ᠤᠨ ᠠᠬᠤᠢ ᠲᠠᠯᠠᠪᠠᠶ ᠳᠤ ᠣᠶᠢᠯᠠᠭᠠᠭᠰᠠᠨ ᠢᠶᠠᠷ᠂ ᠲᠣᠰ | ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠤ ᠠᠵᠢᠯᠲᠠᠨ ᠬᠡᠷᠡᠭᠯᠡᠬᠦ ᠬᠡᠪᠴᠢᠶ᠎ᠡ ᠨᠢ ᠲᠠᠷᠢᠶᠠᠯᠠᠩ᠂ ᠠᠵᠤ | ᠦᠢᠯᠡᠳᠪᠦᠷᠢ᠂ ᠬᠠᠮᠢᠶᠠᠷᠤᠯᠲᠠ ᠵᠡᠷᠭᠡ ᠣᠯᠠᠨ ᠬᠦᠷᠢᠶᠡᠨ ᠳᠤ ᠬᠤᠯᠪᠣᠭᠳᠠᠵᠤ᠂ ᠦᠢᠯᠡᠴᠢᠯᠡᠬᠦ ᠡᠲᠡᠭᠡᠳ ᠲᠤ | ᠥᠩᠭᠡᠷᠡᠭᠰᠡᠨ ᠬᠤᠭᠤᠴᠠᠭᠠᠨ ᠤ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢ᠂ | ᠳᠠᠩᠰᠠᠯᠠᠭᠤᠯᠤᠭᠰᠠᠨ ᠠᠵᠢᠯ ᠠᠯᠳᠠᠭᠰᠠᠳ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂ ᠮᠠᠯᠴᠢᠨ ᠲᠠᠷᠢᠶᠠᠴᠢᠨ | ᠬᠥᠯᠥᠰᠦᠨ ᠠᠵᠢᠯᠴᠢᠨ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠠᠮᠲᠤᠯᠢᠭ ᠵᠢᠴᠢ ᠪᠤᠰᠤᠳ | ᠠᠵᠢᠯ ᠡᠷᠢᠬᠦ ᠱᠠᠭᠠᠷᠳᠠᠯᠭ᠎ᠠ ᠲᠠᠢ ᠡᠯ᠎ᠡ ᠲᠥᠷᠥᠯ ᠤᠨ ᠬᠥᠮᠥᠰ᠂ ᠠᠵᠢᠯᠲᠠᠨ ᠡᠯᠰᠡᠬᠦ ᠱᠠᠭᠠᠷᠳᠠᠯᠭ᠎ᠠ ᠲᠠᠢ ᠡᠯ᠎ᠡ | ᠲᠥᠷᠥᠯ ᠤᠨ ᠠᠵᠤ ᠠᠬᠤᠶᠢᠯᠠᠯ ᠪᠠ ᠬᠥᠮᠥᠨ ᠬᠡᠷᠡᠭᠯᠡᠬᠦ ᠨᠢᠭᠡᠴᠡ ᠪᠠᠭᠲᠠᠨ᠎ᠠ᠃ | ᠣᠶᠢᠷ᠎ᠠ ᠶᠢᠨ ᠵᠢᠯ ᠠᠴᠠ᠂ ᠴᠢᠩ ᠱᠦᠢ ᠾᠧ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ | ᠨᠡᠶᠢᠭᠡᠮ ᠤᠨ ᠪᠠᠲᠤᠯᠠᠪᠤᠷᠢ ᠶᠢᠨ ᠰᠠᠯᠠᠭ᠎ᠠ ᠮᠥᠴᠢᠷ ᠢᠮᠠᠭᠲᠠ ᠠᠵᠢᠯ ᠣᠯᠭᠤᠯᠲᠠ ᠶᠢ ᠠᠬᠢᠭᠤᠯᠬᠤ ᠶᠢ ᠴᠢᠬᠤᠯᠠ ᠶᠡᠭᠡ | ᠤᠯᠤᠰ ᠲᠦᠷᠦ ᠶᠢᠨ ᠬᠠᠷᠢᠭᠤᠴᠠᠯᠭ᠎ᠠ ᠪᠣᠯᠭᠠᠬᠤ ᠶᠢ ᠪᠠᠷᠢᠮᠲᠠᠯᠠᠵᠤ᠂ ᠰᠢᠯᠢᠳᠡᠭ ᠰᠠᠶᠢᠨ ᠤᠯᠠᠨ ᠨᠡᠶᠢᠲᠡ ᠶᠢᠨ ᠠᠵᠢᠯ | ᠣᠯᠭᠤᠯᠲᠠ ᠶᠢᠨ ᠦᠢᠯᠡᠴᠢᠯᠡᠭᠡ ᠶᠢ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠥᠷᠭᠡᠳᠬᠡᠬᠦ᠂ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠵᠤ ᠤᠯᠠᠨ ᠲᠦᠮᠡᠨ ᠳᠤ ᠦᠢᠯᠡᠴᠢᠯᠡᠬᠦ ᠴᠢᠬᠤᠯᠠ ᠠᠷᠭ᠎ᠠ ᠪᠠᠷᠢᠯ ᠪᠣᠯᠭᠠᠵᠤ᠂ | ᠦᠢᠯᠡᠴᠢᠯᠡᠭᠡᠨ ᠤ ᠴᠢᠳᠠᠪᠤᠷᠢ ᠪᠣᠯᠣᠨ ᠦᠢᠯᠡᠴᠢᠯᠡᠭᠡᠨ ᠤ ᠶᠠᠰᠤ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ᠂ ᠠᠵᠢᠯ | ᠣᠯᠭᠤᠯᠲᠠ ᠶᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ | ᠬᠠᠩᠭᠠᠵᠠᠢ᠃ | |