ᠴᠢᠩ ᠱᠦᠢ ᠾᠧ ᠰᠢᠶᠠᠨ︽ᠳᠤᠮᠳᠠᠳᠤ ᠤᠯᠤᠰ ᠤᠨ ᠬᠠᠢ ᠬᠤᠩ ᠵᠢᠮᠢᠰ ᠤᠨ ᠨᠤᠲᠤᠭ︾ ᠢ ᠦᠨᠡᠯᠡᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠲᠤᠬᠠᠢ ᠶᠢᠨ ᠲᠠᠯᠠᠪᠠᠢ ᠶᠢᠨ ᠬᠢᠨᠠᠨ ᠲᠣᠭᠲᠠᠭᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/4
      8 ᠳ᠋ᠤᠭᠠᠷ ᠰᠠᠷ᠎ᠠ ᠶᠢᠨ 1 ᠤ ᠡᠳᠦᠷ᠂ ︽ᠳᠤᠮᠳᠠᠳᠤ ᠤᠯᠤᠰ ᠤᠨ ᠬᠠᠢ ᠬᠤᠩ ᠵᠢᠮᠢᠰ ᠤᠨ ᠨᠤᠲᠤᠭ︾ ᠢ ᠦᠨᠡᠯᠡᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠳᠠᠷᠤᠭ᠎ᠠ ᠪᠠᠢ ᠢᠦᠢ ᠧ ᠨᠠᠷ ᠮᠠᠨ ᠤ ᠰᠢᠶᠠᠨ ᠳᠤ ᠢᠷᠡᠵᠦ ᠲᠤᠬᠠᠢ ᠶᠢᠨ ᠲᠠᠯᠠᠪᠤᠷ ᠤᠨ ᠦᠨᠡᠯᠡᠨ ᠲᠣᠭᠲᠠᠭᠠᠬᠤ ᠠᠵᠢᠯ ᠢ ᠥᠷᠨᠢᠭᠦᠯᠪᠡ᠃
     ᠬᠤᠷᠠᠯ ᠳᠡᠭᠡᠷ᠎ᠡ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠳᠤᠭᠤᠶᠢᠯᠠᠩ ᠤᠨ ᠬᠢᠨ ᠬᠢᠨᠠᠨ ᠲᠣᠭᠲᠠᠭᠠᠬᠤ ᠱᠠᠭᠠᠷᠳᠠᠯᠭ᠎ᠠ ᠪᠠ ᠰᠠᠬᠢᠯᠭ᠎ᠠ ᠪᠠᠲᠤ ᠶᠢ ᠨᠡᠶᠢᠲᠡᠯᠡᠪᠡ᠃ ᠵᠠᠰᠠᠭ ᠤᠨ ᠣᠷᠳᠣᠨ ᠰᠢᠶᠠᠨ ᠤ ᠤ ᠳᠡᠳ᠋ ᠳᠠᠷᠤᠭ᠎ᠠ ᠪᠠᠢ ᠬᠠᠢ ᠯᠢᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠢ ᠲᠥᠯᠥᠭᠡᠯᠡᠨ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠳᠤᠭᠤᠶᠢᠯᠠᠩ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠷᠬᠡᠶᠢᠯᠡᠭᠰᠡᠨ ᠪᠥᠭᠡᠳ ᠮᠠᠨ ᠤ ᠰᠢᠶᠠᠨ ᠤ ᠭᠠᠵᠠᠷ ᠵᠦᠢ ᠶᠢᠨ ᠪᠠᠶᠢᠷᠢᠰᠢᠯ᠂ ᠠᠭᠤᠷ ᠠᠮᠢᠰᠬᠤᠯ ᠤᠨ ᠨᠥᠬᠦᠴᠡᠯ᠂ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠵᠢᠴᠢ ᠪᠦᠬᠦ ᠰᠢᠶᠠᠨ ᠤ ᠬᠠᠢ ᠬᠤᠩ ᠵᠢᠮᠢᠰ ᠤᠨ ᠲᠠᠷᠢᠮᠠᠯ ᠤᠨ ᠲᠠᠯᠠᠪᠠᠶ ᠵᠡᠷᠭᠡ ᠪᠠᠶᠢᠳᠠᠯ ᠤᠨ ᠲᠤᠬᠠᠢ ᠨᠠᠷᠢᠨ ᠲᠣᠳᠣᠷᠬᠠᠢ ᠬᠠᠷᠢᠭᠤ ᠮᠡᠳᠡᠭᠦᠯᠦᠯᠲᠡ ᠬᠢᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠴᠢᠩ ᠱᠦᠢ ᠾᠧ ᠰᠢᠶᠠᠨ ᠤ ᠵᠠᠰᠠᠭ ᠤᠨ ᠣᠷᠳᠣᠨ ᠵᠢᠯ ᠪᠦᠷᠢ ᠡᠯ᠎ᠡ ᠲᠥᠷᠥᠯ ᠤᠨ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ  ᠶᠢ ᠴᠢᠷᠮᠠᠶᠢᠨ ᠣᠯᠬᠤ ᠪᠠ ᠣᠷᠣᠭᠤᠯᠵᠤ᠂ ᠣᠶ ᠰᠢᠭᠤᠢ ᠵᠢᠮᠢᠰ ᠤᠨ ᠠᠵᠤ ᠦᠢᠯᠡᠰ ᠲᠤ ᠦᠷᠭᠦᠯᠵᠢᠯᠡᠨ ᠪᠡᠯᠡ ᠣᠷᠣᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠣᠬᠢᠷᠲᠤᠯ ᠦᠭᠡᠢ ᠠᠵᠤ ᠦᠢᠯᠡᠰ ᠤᠨ ᠰᠠᠭᠤᠷᠢ ᠶᠢ ᠲᠠᠯᠪᠢᠵᠤ᠂ ᠪᠦᠬᠦ ᠰᠢᠶᠠᠨ ᠤ ᠵᠢᠮᠢᠰᠯᠡᠬᠦ ᠬᠤᠭᠤᠴᠠᠭᠠᠨ ᠳᠤ ᠣᠷᠣᠭᠰᠠᠨ ᠬᠠᠢ ᠬᠤᠩ ᠵᠢᠮᠢᠰ ᠤᠨ ᠮᠣᠳᠣ ᠵᠢᠯ ᠤᠨ ᠳᠣᠲᠣᠷ᠎ᠠ 10 ᠲᠦᠮᠡᠨ ᠮᠦ ᠠᠴᠠ ᠳᠠᠪᠠᠭ᠋ᠤ ᠪᠣᠯᠣᠮᠵᠢ ᠲᠠᠢ ᠪᠠᠶᠢᠵᠤ᠂ ᠲᠠᠸᠠᠷ ᠤᠨ ᠦᠷᠳᠡᠭ ᠤᠨ ᠬᠤᠪᠢᠷᠠᠭᠤᠯᠤᠯᠲᠠ ᠨᠢ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ᠭᠡᠬᠦ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠡᠢ᠃ᠬᠠᠢ ᠬᠤᠩ ᠵᠢᠮᠢᠰ ᠤᠨ ᠨᠡᠮᠡᠯᠲᠡ ᠥᠷᠲᠡᠭ ᠢ ᠨᠡᠮᠡᠭᠳᠡᠭᠦᠯᠬᠦ ᠶᠢᠨ ᠲᠥᠯᠥᠭᠡ᠂ ᠴᠢᠩ ᠱᠦᠢ ᠾᠧ ᠰᠢᠶᠠᠨ 2016 ᠣᠨ ᠳᠤ ᠭᠠᠵᠠᠷ ᠵᠦᠢ ᠶᠢᠨ ᠲᠡᠮᠳᠡᠭ ᠤᠨ ᠭᠡᠷᠡᠴᠢᠯᠡᠬᠦ ᠲᠠᠸᠠᠷ ᠤᠨ ᠲᠡᠮᠳᠡᠭ ᠢ ᠭᠤᠶᠤᠴᠢᠯᠠᠨ ᠮᠡᠳᠡᠭᠦᠯᠦᠭᠰᠡᠨ ᠪᠥᠭᠡᠳ ᠲᠣᠰ ᠵᠢᠯ ᠤᠨ 12 ᠳ᠋ᠤᠭᠠᠷ ᠰᠠᠷ᠎ᠠ ᠶᠢᠨ 7 ᠤ ᠡᠳᠦᠷ᠂ ᠤᠯᠤᠰ ᠤᠨ ᠦᠢᠯᠡᠳᠪᠦᠷᠢ ᠬᠤᠳᠠᠯᠳᠤᠭᠠᠨ ᠤ ᠶᠡᠷᠦᠩᠬᠡᠢ ᠲᠣᠪᠴᠢᠶ᠎ᠠ ᠶᠢᠨ ᠲᠠᠸᠠᠷ ᠤᠨ ᠲᠡᠮᠳᠡᠭ ᠤᠨ ᠲᠣᠪᠴᠢᠶ᠎ᠠ ᠶᠢᠨ ᠰᠦᠯᠵᠢᠶ᠎ᠡ ᠳᠤ ᠳᠠᠩᠰᠠᠯᠠᠭᠤᠯᠬᠤ ᠠᠯᠪᠠᠨ ᠵᠠᠷ ᠨᠡᠶᠢᠲᠡᠯᠡᠵᠦ᠂ ︽ᠴᠢᠩ ᠱᠦᠢ ᠾᠧ ᠬᠠᠢ ᠬᠤᠩ ᠵᠢᠮᠢᠰ︾ ᠶᠢᠨ ᠭᠠᠵᠠᠷ ᠵᠦᠢ ᠶᠢᠨ ᠲᠡᠮᠳᠡᠭ ᠤᠨ ᠭᠡᠷᠡᠴᠢᠯᠡᠬᠦ ᠲᠠᠸᠠᠷ ᠤᠨ ᠲᠡᠮᠳᠡᠭ ᠢ ᠠᠮᠵᠢᠯᠲᠠ ᠲᠠᠢ ᠳᠠᠩᠰᠠᠯᠠᠭᠰᠠᠨ ᠢ ᠬᠠᠷᠠᠭᠤᠯᠪᠠ︔2019 ᠣᠨ ᠤ 10 ᠳ᠋ᠤᠭᠠᠷ ᠰᠠᠷ᠎ᠠ ᠶᠢᠨ 18  ᠤ ᠡᠳᠦᠷ᠂ ᠴᠢᠩ ᠱᠦᠢ ᠾᠧ ᠶᠢᠨ ᠭᠦᠸᠧ ᠳ᠋ᠠᠨ ᠫᠢ ᠦᠢᠯᠡᠳᠬᠦ ᠮᠡᠷᠭᠡᠵᠢᠯ ᠤᠨ ᠤᠯᠠᠮᠵᠢᠯᠠᠯ ᠤᠨ ᠭᠠᠵᠠᠷ ᠤᠨ ᠴᠢᠩ ᠱᠦᠢ ᠾᠧ ᠰᠢᠶᠠᠨ ᠤ ᠤᠳᠤᠮᠰᠢᠯ ᠤᠨ ᠪᠤᠰᠤ ᠪᠣᠯᠪᠠᠰᠤᠷᠠᠯ ᠤᠨ ᠦᠵᠡᠭᠦᠯᠦᠯᠭᠡ ᠶᠢᠨ ᠣᠷᠳᠣᠨ ᠫᠠᠶᠢᠰᠠ ᠡᠯᠭᠦᠨ ᠪᠠᠶᠢᠭᠤᠯᠤᠭᠳᠠᠵᠤ᠂ ᠴᠢᠩ ᠱᠦᠢ ᠾᠧ ᠶᠢᠨ ᠬᠠᠢ ᠬᠤᠩ ᠵᠢᠮᠢᠰ ᠤᠨ ᠠᠵᠤ ᠦᠢᠯᠡᠰ ᠤᠨ ᠬᠡᠯᠬᠢᠶ᠎ᠡ ᠤᠯᠠᠮ ᠨᠢᠭᠡ ᠠᠯᠬᠤᠮ ᠲᠡᠭᠦᠯᠳᠡᠷᠵᠢᠪᠡ᠃      ᠳᠠᠷᠠᠭᠠᠴᠢ ᠶᠢᠨ ᠠᠯᠬᠤᠮ ᠳᠤ᠂ ᠴᠢᠩ ᠱᠦᠢ ᠾᠧ ᠰᠢᠶᠠᠨ ᠤ ᠬᠢᠨ ᠳᠤᠮᠳᠠᠳᠤ ᠤᠯᠤᠰ ᠤᠨ ᠨᠢᠭᠡ ᠰᠢᠶᠠᠩ ᠨᠢᠭᠡ ᠲᠦᠷᠦᠯ ᠵᠦᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠠ ᠲᠣᠬᠢᠶᠠᠯ ᠢ ᠪᠦᠬᠦ ᠬᠦᠴᠦᠨ ᠢᠶᠠᠷ ᠢᠶᠠᠨ ᠠᠰᠢᠭᠯᠠᠵᠤ᠂ ᠬᠠᠢ ᠬᠤᠩ ᠵᠢᠮᠢᠰ ᠤᠨ ᠠᠵᠤ ᠦᠢᠯᠡᠰ ᠢ ᠦᠨᠡᠨᠬᠦ ᠨᠡᠩ ᠯᠠᠪᠳᠠᠭᠤᠨ ᠪᠠᠲᠤᠲᠠᠢ᠂ ᠨᠡᠩ ᠪᠣᠳᠠᠲᠤ ᠬᠦᠴᠦᠨ ᠲᠠᠢ ᠬᠢᠵᠦ᠂ ᠣᠨᠴᠠᠯᠢᠭᠲᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1