8 ᠳ᠋ᠤᠭᠠᠷ ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ | ᠳᠤᠭᠤᠶᠢᠯᠠᠩ 2023 ᠣᠨ ᠤ 10 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ᠬᠤᠷᠠᠯ ᠠᠴᠠ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠴᠢᠩ ᠱᠦᠢ ᠾᠧ ᠰᠢᠶᠠᠨ ᠤ ᠪᠣᠳᠠᠲᠠᠢ | ᠪᠠᠶᠢᠳᠠᠯ ᠪᠣᠯᠣᠨ ᠲᠤᠰ ᠲᠤᠰ ᠤᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠨᠢᠭᠲᠠ ᠤᠶᠠᠯᠳᠤᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠠᠷᠠᠳ ᠲᠦᠮᠡᠨ ᠢᠶᠠᠷ ᠭᠤᠣᠯ ᠪᠣᠯᠭᠠᠭᠰᠠᠨ ᠴᠢᠬᠤᠯᠠ ᠥᠭᠦᠯᠡᠯᠲᠡ ᠶᠢ ᠬᠡᠷᠬᠢᠨ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠳᠤ ᠴᠢᠩ ᠱᠦᠢ ᠾᠧ ᠰᠢᠶᠠᠨ ᠤ ᠬᠦᠴᠦᠨ ᠢ ᠨᠡᠮᠡᠷᠢᠯᠡᠵᠦ᠂ ᠰᠤᠳᠤᠯᠤᠨ ᠶᠠᠷᠢᠯᠴᠠᠵᠤ ᠰᠣᠯᠢᠯᠴᠠᠭ᠎ᠠ | ᠥᠷᠨᠢᠭᠦᠯᠵᠡᠢ᠃ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠺᠧ ᠯᠢᠩ ᠬᠠᠮᠲᠤ ᠶᠢᠨ ᠰᠤᠷᠤᠯᠴᠠᠯᠭ᠎ᠠ ᠶᠢ ᠡᠷᠬᠢᠯᠡᠪᠡ᠃ | | | | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠭᠤᠯᠲᠠ ᠶᠢ | ᠪᠠᠲᠤᠯᠠᠬᠤ᠂ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠴᠢᠬᠤᠯᠠ ᠭᠠᠷᠳᠠᠴᠠ ᠪᠣᠯᠭᠠᠵᠤ᠂ ᠰᠤᠷᠭᠠᠨ ᠬᠥᠮᠦᠵᠢᠯ᠂ ᠡᠮ ᠡᠮᠨᠡᠯᠭᠡ᠂ | ᠨᠠᠰᠤᠵᠢᠯ ᠤᠨ ᠠᠰᠠᠷᠠᠮᠵᠢ ᠵᠡᠷᠭᠡ ᠭᠤᠷᠪᠠᠨ ᠶᠡᠭᠡ ᠶᠠᠪᠤᠳᠠᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠨᠡᠶᠢᠭᠡᠮ ᠤᠨ | ᠠᠪᠤᠷᠠᠨ ᠲᠤᠰᠠᠯᠠᠬᠤ ᠪᠠᠲᠤᠯᠠᠭ᠎ᠠ ᠶᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠠᠷᠠᠳ ᠤᠨ ᠦᠨᠳᠦᠰᠦᠨ | ᠠᠮᠢᠳᠤᠷᠠᠯ ᠤᠨ ᠬᠤᠷᠢᠭ᠎ᠠ ᠱᠤᠭᠤᠮ ᠢ ᠴᠢᠩᠭ᠎ᠠ ᠪᠠᠲᠤ ᠰᠠᠬᠢᠵᠤ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠬᠡᠷᠡᠭᠲᠡᠢ | ᠃ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠲᠠ ᠶᠢᠨ | ᠰᠢᠨᠡᠴᠢᠯᠡᠯᠲᠡ ᠶᠢᠨ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠵᠣᠯ ᠵᠢᠷᠭᠠᠯᠲᠤ | ᠲᠥᠷᠥᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠢ᠃ᠨᠡᠩ ᠴᠤ ᠴᠠᠭ ᠢᠮᠠᠭᠲᠠ ᠰᠠᠨᠠᠭ᠎ᠠ ᠠᠮᠤᠷ ᠦᠭᠡᠢ ᠬᠠᠷᠢᠭᠤᠴᠠᠯᠭᠠᠲᠤ | ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠦᠶᠡᠷ ᠢ ᠰᠡᠷᠭᠡᠶᠢᠯᠡᠬᠦ ᠵᠡᠷᠭᠡ ᠡᠯ᠎ᠡ ᠵᠦᠢᠯ ᠤᠨ | ᠠᠵᠢᠯ ᠢ ᠰᠠᠶᠢᠲᠤᠷ ᠬᠢᠵᠦ᠂ ᠪᠦᠬᠦ ᠰᠢᠶᠠᠨ ᠤ ᠠᠵᠤ ᠠᠬᠤᠢ᠂ ᠨᠡᠶᠢᠭᠡᠮ᠂ ᠰᠣᠶᠣᠯ ᠵᠡᠷᠭᠡ ᠡᠯ᠎ᠡ ᠲᠠᠯ᠎ᠠ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠨᠢ ᠬᠤᠪᠢ ᠬᠥᠮᠥᠨ ᠤ ᠥᠪᠡᠷ ᠢᠶᠠᠨ ᠰᠤᠷᠤᠯᠴᠠᠬᠤ ᠶᠢ ᠤᠶᠠᠯᠳᠤᠭᠤᠯᠤᠨ ᠰᠤᠳᠤᠯᠤᠨ ᠶᠠᠷᠢᠯᠴᠠᠵᠤ | ᠰᠣᠯᠢᠯᠴᠠᠬᠤ ᠬᠡᠯᠪᠡᠷᠢ ᠪᠠᠷ ᠶᠠᠪᠤᠭᠳᠠᠪᠠ᠃ᠬᠤᠷᠠᠯ ᠠᠴᠠ ᠡᠮᠦᠨ᠎ᠡ᠂ ᠭᠤᠣᠯ ᠳᠤᠭᠤᠶᠢᠯᠠᠩ ᠤᠨ ᠭᠡᠰᠢᠭᠦᠳ ᠰᠢ ᠶᠢᠨ | ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ | ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠲᠦᠮᠡᠨ ᠢᠶᠠᠷ ᠭᠤᠣᠯ ᠪᠣᠯᠭᠠᠬᠤ ᠲᠤᠬᠠᠢ ᠴᠢᠬᠤᠯᠠ ᠥᠭᠦᠯᠡᠯᠲᠡ᠂ | ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠬᠡᠦᠬᠡᠳ ᠪᠠ ᠡᠮᠡᠭᠲᠡᠶᠢᠴᠦᠳ ᠤᠨ ᠬᠤᠯᠪᠣᠭ᠎ᠠ ᠶᠢᠨ | ᠠᠵᠢᠯ ᠤᠨ ᠲᠤᠬᠠᠢ ᠴᠢᠬᠤᠯᠠ ᠥᠭᠦᠯᠡᠯᠲᠡ᠂ ᠰᠢ ᠶᠢᠨ ᠫᠢᠩ ᠶᠡᠷᠦᠩᠬᠡᠢ ᠱᠦᠵᠢ ᠶᠢᠨ ᠡᠷᠡᠭᠦᠯ ᠬᠠᠮᠠᠭᠠᠯᠠᠯ ᠪᠠ | ᠡᠷᠡᠭᠦᠯ ᠮᠡᠨᠳᠦ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢ ᠪᠦᠷᠢᠳᠬᠡᠬᠦ ᠳᠤ᠂︽ᠦᠨᠡᠨ︾ᠰᠡᠳᠬᠦᠯ ᠤᠨ 2023 ᠣᠨ ᠤ 15 ᠳ᠋ᠤᠭᠠᠷ ᠬᠤᠭᠤᠴᠠᠭᠠᠨ ᠤ ᠰᠢ ᠶᠢᠨ | ᠫᠢᠩ ᠶᠡᠷᠦᠩᠬᠡᠢ ᠱᠦᠵᠢ ᠶᠢᠨ︽ᠰᠠᠭᠤᠷᠢ ᠰᠤᠳᠤᠯᠭᠠᠨ ᠢ ᠴᠢᠩᠭᠠᠳᠬᠠᠵᠤ ᠥᠨᠳᠥᠷ ᠲᠦᠪᠰᠢᠨ ᠪᠦᠬᠦᠢ ᠰᠢᠨᠵᠢᠯᠡᠬᠦ | ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠦᠶ᠎ᠡ︾ᠭᠡᠬᠦ ᠨᠡᠷ᠎ᠡ ᠬᠠᠳᠠᠭᠰᠠᠨ | ᠥᠭᠦᠯᠡᠯ ᠢ ᠥᠪᠡᠷ ᠢᠶᠠᠨ ᠰᠣᠷᠣᠯᠴᠠᠪᠠ᠃ | ᠪᠦᠬᠦ ᠰᠢᠶᠠᠨ ᠤ ᠳᠡᠳ᠋ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ᠂ ᠡᠯ᠎ᠡ ᠰᠢᠶᠠᠩ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠣᠯᠣᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ | ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃ |