8 ᠳ᠋ᠤᠭᠠᠷ ᠰᠠᠷ᠎ᠠ ᠶᠢᠨ 3 ᠤ ᠡᠳᠦᠷ᠂ ᠴᠢᠩ ᠱᠦᠢ ᠾᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠶᠢᠰᠦᠳᠦᠭᠡᠷ ᠬᠤᠷᠠᠯᠳᠤᠭᠠᠨ | ᠬᠤᠷᠠᠯᠳᠤᠪᠠ᠃ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠱᠢ ᠶᠦᠩ ᠫᠢᠩ ᠬᠤᠷᠠᠯ ᠡᠷᠭᠢᠯᠡᠪᠡ᠃ᠰᠢᠶᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠽᠠᠢ | ᠵᠢᠶᠦ᠋ᠨ᠂ ᠳ᠋ᠦᠸᠧ ᠬᠤᠸᠠ ᠰᠢᠶᠦᠶᠢᠩ᠂ ᠸᠠᠩ ᠱᠠᠨ ᠴᠢᠤᠸᠠᠨ᠂ ᠵᠤᠤ ᠶᠢᠩ ᠬᠤᠷᠠᠯ ᠳᠤ ᠣᠷᠣᠯᠴᠠᠪᠠ᠃ᠰᠢᠶᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ | ᠪᠠᠶᠢᠴᠠᠭᠠᠬᠤ ᠵᠥᠪᠯᠡᠯ ᠤᠨ ᠡᠷᠬᠢᠯᠡᠭᠴᠢ ᠹᠦ᠋ ᠵᠧᠨ ᠴᠢᠶᠠᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠪᠠᠢ | ᠬᠠᠢ ᠯᠢᠨ ᠵᠢᠴᠢ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠬᠤᠶᠠᠷ ᠳᠠᠷᠤᠭ᠎ᠠ ᠬᠤᠷᠠᠯ ᠳᠤ ᠰᠤᠯᠠ ᠣᠷᠣᠯᠴᠠᠪᠠ᠃ | | | | ᠬᠤᠷᠠᠯ ᠠᠴᠠ 2022 ᠣᠨ ᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ | ᠮᠥᠴᠢᠷ ᠤᠨ ᠭᠤᠣᠯ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠢ ᠦᠨᠡᠯᠡᠨ | ᠶᠠᠷᠢᠯᠴᠠᠭᠰᠠᠨ ᠦᠷ᠎ᠡ ᠳ᠋ᠦᠩ ᠢ ᠵᠠᠷᠯᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠦᠬᠦ ᠰᠢᠶᠠᠨ ᠤ | ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠤᠨ ᠲᠤᠬᠠᠢ ᠮᠡᠳᠡᠭᠦᠯᠦᠯᠲᠡ᠂ ᠰᠢᠶᠠᠨ ᠤ | ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ᠂ ᠰᠢᠶᠠᠨ ᠤ | ᠠᠷᠠᠳ ᠤᠨ ᠵᠠᠰᠠᠭ ᠤᠨ ᠣᠷᠳᠣᠨ ᠤ ︽ᠭᠤᠷᠪᠠᠨ ᠤᠮᠠᠷᠠᠲᠤ︾ ᠶᠢᠨ ᠢᠨᠵᠧᠨᠧᠷᠢᠩ ᠢ ᠠᠬᠢᠭᠤᠯᠤᠭᠰᠠᠨ ᠪᠠᠶᠢᠳᠠᠯ | ᠵᠢᠴᠢ ᠣᠶ ᠵᠢᠮᠢᠰ ᠤᠨ ᠰᠠᠭᠤᠷᠢᠨ ᠭᠠᠵᠠᠷ ᠤᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠭᠰᠠᠨ | ᠪᠠᠶᠢᠳᠠᠯ ᠤᠨ ᠲᠤᠬᠠᠢ ᠮᠡᠳᠡᠭᠦᠯᠦᠯᠲᠡ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠤᠨ ᠠᠵᠤ ᠦᠢᠯᠡᠰ ᠤᠨ ᠲᠦᠷᠦᠯ ᠵᠦᠢᠯ ᠢ | ᠪᠠᠬᠢᠵᠢᠭᠦᠯᠦᠨ ᠥᠷᠭᠡᠳᠬᠡᠬᠦ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠲᠤᠬᠠᠢ ᠮᠡᠳᠡᠭᠦᠯᠦᠯᠲᠡ᠂ | ᠰᠢᠶᠠᠨ ᠤ ᠠᠷᠠᠳ ᠤᠨ ᠵᠠᠰᠠᠭ ᠤᠨ ᠣᠷᠳᠣᠨ ᠤ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ | ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ ᠰᠢᠶᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠠᠬᠢᠭᠤᠯᠬᠤ ᠳᠦᠷᠢᠮ︾ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠮᠡᠳᠡᠭᠦᠯᠦᠯᠲᠡ ᠶᠢ ᠰᠣᠨᠣᠰᠴᠤ ᠬᠢᠨᠠᠨ | ᠵᠥᠪᠯᠡᠪᠡ᠃ᠬᠤᠷᠠᠯ ᠠᠴᠠ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠯᠢᠳᠡᠭ ᠲᠥᠯᠥᠭᠡᠯᠡᠭᠴᠢ᠂ | ᠠᠷᠠᠳ ᠤᠨ ᠲᠥᠯᠥᠭᠡᠯᠡᠭᠴᠢᠳ ᠤᠨ ᠰᠢᠯᠢᠳᠡᠭ ᠭᠡᠷ ᠪᠦᠯᠢ ᠶᠢ ᠬᠥᠬᠢᠭᠦᠯᠦᠨ ᠰᠠᠶᠢᠰᠢᠶᠠᠪᠠ᠃ | ᠬᠤᠷᠠᠯ ᠠᠴᠠ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ | ᠵᠦᠢᠯᠡᠰ ᠢ ᠪᠠᠲᠤᠯᠠᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠵᠤ᠂ | ᠰᠢᠨ᠎ᠡ ᠪᠠᠷ ᠲᠤᠰᠢᠶᠠᠯ ᠳᠤ ᠲᠣᠮᠢᠯᠠᠭᠰᠠᠳ ᠦᠨᠳᠦᠰᠦᠨ ᠬᠠᠤᠯᠢ ᠳᠤ ᠲᠠᠩᠭᠠᠷᠢᠭᠯᠠᠪᠠ᠃ | ᠬᠤᠷᠠᠯ ᠠᠴᠠ ᠡᠮᠦᠨ᠎ᠡ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠠᠴᠠ ᠲᠣᠮᠢᠯᠠᠬᠤ ᠪᠠᠷ ᠪᠠᠶᠢᠭ᠎ᠠ ᠬᠥᠮᠥᠰ ᠲᠤ ᠲᠤᠰᠢᠶᠠᠯ ᠳᠤ ᠲᠣᠮᠢᠯᠠᠬᠤ ᠠᠴᠠ ᠡᠮᠦᠨᠡᠬᠢ ᠬᠠᠤᠯᠢ | ᠴᠠᠭᠠᠵᠠ ᠶᠢᠨ ᠮᠡᠳᠡᠯᠭᠡ ᠶᠢᠨ ᠰᠢᠯᠭᠠᠯᠲᠠ ᠬᠢᠪᠡ᠃ |