ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠢ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 105 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/4
      8 ᠳ᠋ᠤᠭᠠᠷ ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠺᠧ ᠯᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠢ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 105 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠪᠦᠬᠦ ᠰᠢᠶᠠᠨ ᠤ ᠠᠵᠤ ᠠᠬᠤᠢ ᠶᠢᠨ ᠠᠵᠢᠯᠯᠠᠭᠠᠨ ᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠂ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠬᠤᠶᠠᠳᠤᠭᠠᠷ ᠤᠳᠠᠭᠠᠨ ᠤ ᠬᠤᠷᠠᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ᠂ ᠨᠠᠮ ᠤᠨ ᠭᠠᠳᠠᠨᠠᠬᠢ ᠬᠥᠮᠥᠰ ᠤᠨ ᠶᠠᠷᠢᠯᠴᠠᠬᠤ ᠬᠤᠷᠠᠯ᠂ ᠰᠧᠴᠤᠸᠠᠨ᠂ ᠱᠠᠨᠰᠢ ᠶᠢᠨ ᠬᠠᠨᠵᠦ᠋ᠩ ᠳᠤ ᠠᠵᠢᠯ ᠪᠠᠶᠢᠴᠠᠭᠠᠬᠤ ᠳᠠᠭᠠᠨ ᠪᠠ ︽ᠨᠠᠢᠮᠠᠨ ᠰᠠᠷ᠎ᠠ ᠶᠢᠨ ᠨᠢᠭᠡᠨ︾ ᠠᠴᠠ ᠡᠮᠦᠨᠡᠬᠡᠨ ᠪᠠᠷᠠᠭᠤᠨ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠠᠭᠠᠷ ᠤᠨ ᠴᠡᠷᠢᠭ ᠢ ᠪᠠᠶᠢᠴᠠᠭᠠᠨ ᠦᠵᠡᠬᠦ ᠳᠡᠭᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠳᠣᠯᠣᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠡᠷᠬᠢᠯᠡᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠦᠬᠦ ᠴᠡᠷᠢᠭ ᠤᠨ ᠨᠠᠮ ᠤᠨ ᠪᠠᠶᠢᠭᠤᠯᠤᠯᠲᠠ ᠶᠢᠨ ᠬᠤᠷᠠᠯᠳᠤᠭᠠᠨ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 87 ᠳ᠋ᠤᠭᠠᠷ ᠤᠳᠠᠭ᠎ᠠ ︵ᠥᠷᠭᠡᠳᠬᠡᠭᠰᠡᠨ︶ ᠶᠢᠨ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 88 ᠳ᠋ᠤᠭᠠᠷ ᠤᠳᠠᠭ᠎ᠠ ︵ᠥᠷᠭᠡᠳᠬᠡᠭᠰᠡᠨ︶  ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ᠪᠦᠬᠦ ᠰᠢᠶᠠᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ᠂ ᠪᠦᠬᠦ ᠰᠢᠶᠠᠨ ᠤ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠴᠢᠴᠢᠬᠠᠷ ᠤᠨ 34 ᠳ᠋ᠦᠭᠡᠷ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠤ ᠳᠡᠭᠡᠪᠦᠷ ᠨᠤᠷᠠᠭᠰᠠᠨ ᠠᠳᠡᠯ ᠤᠨ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠵᠦ᠂ ᠮᠠᠨ ᠤ ᠰᠢᠶᠠᠨ ᠤ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
     ᠬᠤᠷᠠᠯ ᠠᠴᠠ ᠴᠢᠬᠤᠯᠠᠴᠢᠯᠠᠭᠰᠠᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠢ ᠶᠢᠨ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠵᠦ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠬᠥᠭᠵᠢᠯᠲᠡ ᠶᠢᠨ ᠠᠵᠢᠯ ᠢ ᠰᠠᠶᠢᠲᠤᠷ ᠬᠢᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠨᠤᠷᠮ᠎ᠠ ᠪᠣᠯᠣᠨ ᠠᠰᠢᠭᠯᠠᠯᠲᠠ ᠳᠤ ᠣᠷᠣᠭᠤᠯᠬᠤ ᠨᠤᠷᠮ᠎ᠠ ᠶᠢ ᠶᠡᠬᠡᠪᠡᠷ ᠳᠡᠭᠡᠭᠰᠢᠯᠡᠭᠦᠯᠵᠦ᠂ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠲᠣᠭᠤᠷᠢᠨ ᠳᠤ ᠲᠦᠷᠦᠯ ᠳᠠᠷᠠᠭᠠᠯᠠᠨ ᠵᠠᠳᠠᠯᠵᠤ᠂ ᠨᠠᠷᠢᠨ ᠬᠢᠨᠠᠮᠠᠭᠠᠢ ᠰᠤᠳᠤᠯᠤᠨ ᠮᠠᠭᠠᠳᠯᠠᠵᠤ᠂ ᠲᠦᠷᠦᠯ ᠵᠦᠢᠯ ᠢ ᠬᠦᠴᠦᠷᠬᠡᠭᠵᠢᠭᠦᠯᠵᠦ᠂ ᠳᠤᠲᠠᠭᠤᠳᠠᠯ ᠢ ᠨᠥᠬᠦᠪᠦᠷᠢᠯᠡᠵᠦ᠂ ᠠᠵᠤ ᠠᠬᠤᠢ ᠶᠢᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ︔ᠬᠡᠷᠡᠭᠯᠡᠭᠡ ᠶᠢ ᠠᠬᠢᠭᠤᠯᠬᠤ ᠲᠠᠯ᠎ᠠ ᠪᠠᠷ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢ ᠶᠢᠨ ᠴᠢᠨᠠᠷ ᠴᠢᠨᠰᠠᠭ᠎ᠠ ᠶᠢ ᠪᠦᠲᠦᠮᠵᠢᠲᠡᠶ ᠪᠠᠷ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠢ ᠨᠡᠮᠡᠭᠳᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃ᠬᠤᠳᠠ ᠶᠢᠨ ᠪᠦᠲᠦᠭᠡᠨ ᠪᠠᠶᠢᠭᠤᠯᠤᠯᠲᠠ᠂ ᠬᠠᠳᠤᠨ ᠭᠤᠣᠯ ᠤᠨ ︽几 ᠦᠰᠦᠭᠲᠦ ᠪᠤᠯᠤᠩ︾  ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠠᠮᠢ ᠠᠬᠤᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠰᠢᠰᠲ᠋ᠧᠮ ᠲᠠᠢ ᠰᠠᠶᠢᠲᠤᠷ ᠲᠥᠯᠥᠪᠵᠢᠭᠦᠯᠬᠦ ᠬᠡᠷᠡᠭᠲᠡᠢ᠃ᠰᠢᠨ᠎ᠡ ᠨᠢᠭᠡ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠭᠰᠡᠨ ᠵᠢᠱᠢᠶᠡᠴᠢ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠡᠯ᠎ᠡ ᠵᠦᠢᠯ ᠤᠨ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠲᠦᠮᠵᠢᠲᠡᠢ ᠵᠣᠯᠭᠠᠭᠤᠯᠬᠤ ᠬᠡᠷᠡᠭᠲᠡᠢ᠃ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ᠂ ᠲᠤᠷᠰᠢᠯᠭ᠎ᠠ ᠶᠢ ᠴᠠᠭ ᠲᠤᠬᠠᠢ ᠳᠤᠨᠢ ᠰᠤᠷᠤᠯᠴᠠᠨ ᠲᠣᠯᠢᠯᠠᠵᠤ᠂ ᠳᠠᠷᠠᠭᠠᠴᠢ ᠶᠢᠨ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠢ᠃ᠪᠦᠬᠦ ᠰᠢᠶᠠᠨ ᠢᠶᠠᠷ ᠢᠶᠠᠨ ᠴᠡᠭᠡᠷᠯᠡᠯ ᠪᠣᠯᠭᠠᠵᠤ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠤᠷᠢᠳᠴᠢᠯᠠᠨ ᠲᠣᠭᠤᠷᠢᠨ ᠪᠠᠶᠢᠴᠠᠭᠠᠵᠤ ᠠᠶᠤᠯ ᠢ ᠠᠷᠢᠯᠭᠠᠵᠤ᠂ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠢ᠃ᠰᠤᠷᠭᠠᠭᠤᠯᠢ᠂ ᠡᠮᠨᠡᠯᠭᠡ ᠶᠢᠨ ᠬᠤᠷᠢᠶ᠎ᠠ ᠵᠡᠷᠭᠡ ᠬᠥᠮᠥᠨ ᠣᠯᠠᠨ ᠴᠤᠭᠯᠠᠷᠠᠳᠠᠭ ᠲᠠᠯᠠᠪᠤᠷ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ᠵᠠᠮ ᠬᠠᠷᠢᠯᠴᠠᠭ᠎ᠠ᠂ ᠪᠠᠷᠢᠯᠭ᠎ᠠ ᠶᠢᠨ ᠭᠠᠵᠠᠷ᠂ ᠰᠢᠩᠭᠡᠵᠢᠮᠠᠯ ᠬᠡᠢ ᠵᠡᠷᠭᠡ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ᠂ ᠬᠢᠨᠠᠯᠲᠠ ᠲᠠᠯᠪᠢᠵᠤ ᠪᠠᠶᠢᠴᠠᠭᠠᠬᠤ ᠶᠢ ᠪᠠᠶᠢᠩᠭᠤᠵᠢᠭᠤᠯᠤᠨ ᠰᠠᠶᠢᠲᠤᠷ ᠬᠢᠵᠦ᠂ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠵᠤ᠂ ᠡᠬᠢ ᠡᠭᠦᠰᠦᠯ ᠤᠨ ᠭᠡᠮ ᠰᠣᠭᠤᠭ ᠢ ᠡᠷᠡᠰ ᠠᠷᠢᠯᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠭᠬᠤᠯᠠᠴᠢᠯᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠥᠮᠥᠨ ᠤ ᠤᠮᠳᠠᠭᠠᠨ ᠤ ᠢᠨᠵᠧᠨᠧᠷᠢᠩ ᠤᠨ ᠭᠡᠮ ᠰᠣᠭᠤᠭ ᠤᠨ ᠠᠰᠠᠭᠤᠳᠠᠯ ᠢ ᠪᠠᠶᠢᠴᠠᠭᠠᠨ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠪᠤᠷᠢ ᠶᠢ ᠴᠢᠩᠭᠠᠳᠬᠠᠵᠤ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠴᠧᠩ ᠭᠤᠸᠠᠨ ᠪᠠᠯᠭᠠᠰᠤ ᠶᠢᠨ ᠤᠰᠤ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠴᠢᠩᠭ᠎ᠠ ᠠᠩᠬᠠᠷᠴᠤ᠂ ᠲᠥᠪᠯᠡᠷᠡᠭᠦᠯᠦᠨ ᠤᠰᠤ ᠬᠠᠩᠭᠠᠬᠤ ᠠᠰᠠᠭᠤᠳᠠᠯ ᠪᠣᠯᠣᠨ ᠬᠥᠳᠡᠭᠡ ᠲᠣᠰᠬᠤᠨ ᠤ ᠤᠰᠤ ᠤᠮᠳᠠ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ᠲᠦᠷᠦᠯ ᠵᠦᠢᠯ ᠢ ᠴᠢᠷᠮᠠᠶᠢᠨ ᠪᠠᠶᠢᠭᠤᠯᠬᠤ ᠡᠷᠴᠢᠮ ᠢ ᠪᠦᠬᠦ ᠬᠦᠴᠦᠨ ᠢᠶᠠᠷ ᠢᠶᠠᠨ ᠴᠢᠩᠭᠠᠷᠠᠭᠤᠯᠵᠤ᠂ ᠨᠡᠩ ᠤᠯᠠᠨ ᠲᠦᠷᠦᠯ ᠵᠦᠢᠯ ᠢ ᠤᠯᠤᠰ ᠤᠨ ᠲᠥᠯᠥᠪᠯᠡᠭᠡ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ᠃ᠲᠥᠷᠥᠯ ᠵᠦᠢᠯ ᠤᠨ ᠠᠬᠢᠴᠠ ᠶᠢ ᠴᠢᠩᠭ᠎ᠠ ᠠᠳᠬᠤᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠠᠳᠬᠤᠵᠤ᠂ ᠠᠵᠢᠯ ᠤᠨ ᠬᠠᠷᠢᠭᠤᠴᠠᠯᠭ᠎ᠠ ᠳᠠᠭᠠᠨ ᠲᠦᠰᠢᠭᠯᠡᠨ᠂ ᠰᠢᠮᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠲᠥᠷᠥᠯ ᠵᠦᠢᠯ ᠤᠨ ᠲᠤᠭ᠎ᠠ ᠬᠡᠮᠵᠢᠶ᠎ᠡ ᠪᠠ ᠪᠡᠯᠡ ᠮᠥᠩᠭᠦ ᠶᠢᠨ ᠶᠡᠷᠦᠩᠬᠡᠢ ᠬᠡᠮᠵᠢᠶ᠎ᠡ ᠳᠤ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃ᠬᠤᠳᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠰᠤᠷᠭᠠᠨ ᠬᠥᠮᠦᠵᠢᠯ ᠪᠠ ᠡᠮ ᠡᠮᠨᠡᠯᠭᠡ ᠶᠢᠨ ᠰᠢᠰᠲ᠋ᠧᠮ ᠤᠨ ᠥᠭᠡᠷᠡᠴᠢᠯᠡᠯᠲᠡ ᠶᠢᠨ ᠠᠵᠢᠯ᠂ ᠬᠥᠯᠥᠰᠦᠨ ᠠᠵᠢᠯᠴᠢᠨ ᠤ ᠴᠠᠯᠢᠩ ᠢ ᠥᠭᠬᠦ ᠪᠠᠲᠤᠯᠠᠭ᠎ᠠ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠵᠡᠷᠭᠡ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠰᠢᠶᠠᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠷᠭᠦᠯᠵᠢᠯᠡᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠰᠢᠶᠠᠩ ᠪᠠᠯᠭᠠᠰᠤᠨ ᠤ ᠡᠭᠦᠷᠭᠡ ᠶᠢᠨ ᠲᠤᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠵᠠᠳᠠᠯᠤᠨ ᠰᠤᠳᠤᠯᠵᠤ ᠮᠠᠭᠠᠳᠯᠠᠨ ᠬᠢᠨᠠᠨ ᠵᠥᠪᠰᠢᠶᠡᠷᠡᠵᠦ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠢᠯᠭᠠᠷᠠᠭᠤᠯᠤᠨ ᠪᠠᠶᠢᠴᠠᠭᠠᠬᠤ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ᠠᠵᠢᠯᠲᠠᠨ ᠤ ᠬᠦᠴᠦᠨ ᠴᠢᠳᠠᠯ ᠪᠠ ᠪᠣᠯᠪᠠᠰᠤᠷᠠᠭᠤᠯᠤᠯ ᠤᠨ ᠴᠢᠭᠯᠡᠭᠦᠯᠦᠯᠲᠦ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠩᠭᠠᠳᠬᠠᠵᠤ᠂ ᠲᠤᠭ᠎ᠠ ᠪᠦᠷᠢᠳᠬᠡᠭᠴᠢ ᠶᠢᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠱᠠᠲᠤ ᠦᠶ᠎ᠡ ᠨᠢᠭᠡᠪᠦᠷᠢ ᠶᠢᠨ ᠡᠭᠦᠷᠭᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ᠲᠤᠭ᠎ᠠ ᠪᠠᠷᠢᠮᠲᠠ ᠶᠢᠨ ᠶᠠᠰᠤ ᠴᠢᠨᠠᠷ ᠤᠨ ᠠᠮᠢᠨ ᠰᠤᠳᠠᠰᠤ ᠶᠢ ᠪᠠᠲᠤ ᠰᠠᠬᠢᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠵᠥᠪ ᠣᠨᠣᠪᠴᠢᠲᠠᠢ ᠪᠠᠶᠢᠬᠤ ᠶᠢ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠨᠡᠩ ᠪᠤᠰᠤᠳᠴᠢ᠂ ᠨᠡᠩ ᠦᠨᠡᠨ ᠪᠣᠳᠠᠲᠠᠢ ᠪᠣᠯᠭᠠᠵᠤ᠂ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠣᠯᠣᠨ ᠢᠷᠡᠭᠡᠳᠦᠢ ᠶᠢᠨ ᠬᠥᠭᠵᠢᠯᠲᠡ ᠶᠢᠨ ᠬᠠᠨᠳᠤᠰᠢ ᠶᠢ ᠨᠡᠩ ᠰᠠᠶᠢᠨ ᠲᠤᠰᠬᠠᠵᠤ᠂ ᠮᠠᠨ ᠤ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨᠵᠢᠯᠡᠬᠦ ᠤᠬᠠᠭᠠᠨᠴᠢ ᠵᠥᠪ ᠣᠨᠣᠪᠴᠢᠲᠠᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠠᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1