ᠴᠢᠩ ᠱᠦᠢ ᠾᠧ ᠰᠢᠶᠠᠨ ᠤ ᠨᠠᠮ ᠵᠠᠰᠠᠭ ᠤᠨ ᠤᠳᠤᠷᠢᠳᠤᠯᠭ᠎ᠠ ︽8·1︾ ᠤ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/4
      ᠡᠨᠡ ᠵᠢᠯ ᠤᠨ 8 ᠳ᠋ᠤᠭᠠᠷ ᠰᠠᠷ᠎ᠠ ᠶᠢᠨ 1 ᠤ ᠡᠳᠦᠷ ᠪᠣᠯ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ 96 ᠵᠢᠯ ᠤᠨ ᠣᠶ ᠪᠣᠯᠣᠨ᠎ᠠ᠂ ︽8·1︾  ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠲᠠᠰᠢᠷᠠᠮ ᠢᠶᠠᠷ᠂ ᠮᠠᠨ ᠤ ᠰᠢᠶᠠᠨ ᠤ ᠨᠠᠮ ᠵᠠᠰᠠᠭ ᠤᠨ ᠤᠳᠤᠷᠢᠳᠤᠯᠭ᠎ᠠ ᠵᠠᠩ ᠺᠧ ᠯᠢᠩ᠂ ᠴᠧᠨ ᠬᠤᠷᠴᠠ ᠵᠡᠷᠭᠡ ᠬᠥᠮᠥᠰ ᠨᠠᠮ ᠪᠣᠯᠣᠨ ᠠᠷᠠᠳ ᠲᠦᠮᠡᠨ ᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠡᠪᠦᠷᠯᠡᠨ᠂ ᠲᠤᠰ ᠲᠤᠰ ᠠᠩᠭᠢ ᠳᠠᠭᠠᠭᠤᠯᠤᠨ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ᠂ ᠰᠢᠶᠠᠨ ᠤ ᠭᠠᠯ ᠤᠨᠲᠠᠷᠠᠭᠠᠬᠤ ᠶᠡᠭᠡ ᠠᠩᠭᠢ ᠵᠢᠴᠢ ᠬᠡᠰᠡᠭ ᠴᠡᠷᠢᠭ ᠠᠴᠠ ᠬᠠᠯᠠᠭᠳᠠᠭᠰᠠᠳ ᠢ ᠲᠣᠬᠤᠨᠢᠭᠤᠯᠵᠤ᠂ ᠳᠡᠳᠡᠨ ᠳᠤ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠵᠢᠴᠢ ᠪᠠᠶᠠᠷ ᠤᠨ ᠡᠳᠦᠷ ᠤᠨ ᠬᠠᠮᠤᠭ ᠤᠨ ᠰᠠᠶᠢᠨ ᠰᠠᠶᠢᠬᠠᠨ ᠵᠥᠩᠨᠡᠯ ᠢ ᠳᠡᠪᠰᠢᠭᠦᠯᠵᠡᠢ᠃
     ᠵᠠᠩ ᠺᠧ ᠯᠢᠩ ᠨᠠᠷ ᠴᠡᠷᠢᠭ ᠠᠴᠠ ᠬᠠᠯᠠᠭᠳᠠᠭᠰᠠᠳ ᠳ᠋ᠦ᠋ ᠯᠢᠨ ᠤ ᠭᠡᠷ ᠲᠤ ᠬᠦᠷᠴᠦ᠂ ᠲᠡᠭᠦᠨ ᠲᠠᠢ ᠳᠣᠲᠣᠨᠣᠰᠤᠭ ᠢᠶᠠᠷ ᠶᠠᠷᠢᠯᠴᠠᠵᠤ᠂ ᠲᠡᠭᠦᠨ ᠤ ᠪᠡᠶ᠎ᠡ ᠶᠢᠨ ᠪᠠᠶᠢᠳᠠᠯ᠂ ᠭᠡᠷ ᠪᠦᠯᠢ ᠶᠢᠨ ᠠᠮᠢᠳᠤᠷᠠᠯ ᠵᠡᠷᠭᠡ ᠪᠠᠶᠢᠳᠠᠯ ᠢ ᠬᠠᠯᠠᠮᠵᠢᠯᠠᠨ ᠠᠰᠠᠭᠤᠬᠤ ᠶᠢᠨ ᠬᠠᠮᠲᠤ ᠲᠣᠬᠤᠨᠢᠭᠤᠯᠬᠤ ᠮᠥᠩᠭᠦ ᠬᠦᠷᠭᠡᠵᠦ ᠲᠡᠭᠦᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠵᠥᠩᠨᠡᠯ ᠳᠡᠪᠰᠢᠭᠦᠯᠵᠡᠢ᠃ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠳᠤ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠠᠵᠢᠯᠯᠠᠬᠤ ᠣᠷᠴᠢᠨ ᠲᠣᠭᠤᠷᠢᠨ᠂ ᠠᠵᠢᠯᠲᠠᠨ ᠤ ᠲᠣᠬᠢᠷᠠᠭᠤᠯᠤᠯᠲᠠ ᠵᠢᠴᠢ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠵᠡᠷᠭᠡ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠴᠡᠷᠢᠭ ᠠᠴᠠ ᠬᠠᠯᠠᠭᠳᠠᠭᠰᠠᠳ ᠤᠨ ᠡᠷᠬᠡ ᠠᠰᠢᠭ ᠢ ᠰᠠᠶᠢᠲᠤᠷ ᠬᠠᠮᠠᠭᠠᠯᠠᠨ ᠪᠠᠲᠤᠯᠠᠵᠤ᠂ ᠴᠡᠷᠢᠭ ᠠᠴᠠ ᠬᠠᠯᠠᠭᠳᠠᠭᠰᠠᠳ ᠲᠤ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠦᠨᠡᠨᠬᠦ ᠡᠳ᠋ᠯᠡᠭᠦᠯᠵᠦ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠬᠦᠷᠲᠡᠭᠡᠬᠦ ᠬᠡᠷᠡᠭᠲᠡᠢ ᠭᠡᠵᠦ ᠵᠠᠬᠢᠪᠠ᠃ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ᠂ ᠵᠠᠩ ᠺᠧ ᠯᠢᠩ ᠳᠠᠷᠤᠭ᠎ᠠ ᠪᠠᠶᠢᠯᠳᠤᠭᠴᠢᠳ ᠤᠨ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ᠂ ᠬᠠᠷᠠᠮ ᠦᠭᠡᠢ ᠵᠣᠷᠢᠭᠤᠯᠵᠤ᠂ ᠪᠦᠬᠦ ᠰᠢᠶᠠᠨ ᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠦᠵᠡᠭᠦᠯᠦᠭᠰᠡᠨ ᠬᠤᠪᠢ ᠨᠡᠮᠡᠷᠢ ᠶᠢ ᠭᠦᠢᠴᠡᠳ ᠨᠤᠲᠠᠯᠠᠵᠤ ᠥᠨᠳᠥᠷ ᠦᠨᠡᠯᠡᠪᠡ᠃ᠡᠭᠦᠨ ᠤ ᠬᠠᠮᠲᠤ ᠥᠷᠭᠡᠨ ᠤᠯᠠᠨ ᠳᠠᠷᠤᠭ᠎ᠠ ᠪᠠᠶᠢᠯᠳᠤᠭᠴᠢᠳ ᠬᠤᠶᠢᠰᠢᠳᠠ ᠶᠢᠨ ᠠᠵᠢᠯ ᠤᠨ ᠳᠤᠮᠳᠠ ᠪᠠᠨ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ᠂ ᠵᠣᠷᠢᠭᠲᠠᠢ ᠪᠠᠷ ᠪᠠᠶᠢᠯᠳᠤᠵᠤ ᠵᠠᠪᠠᠯ ᠢᠯᠠᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠶᠢ ᠴᠢᠨᠠᠭᠰᠢᠳᠠ ᠠᠬᠢᠭᠤᠯᠵᠤ᠂ ᠮᠠᠨ ᠤ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
     ᠴᠧᠨ ᠬᠤᠷᠴᠠ ᠰᠢᠶᠠᠨ ᠤ ᠭᠠᠯ ᠤᠨᠲᠠᠷᠠᠭᠠᠬᠤ ᠶᠡᠭᠡ ᠠᠩᠭᠢ ᠳᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠤᠨ ᠪᠠᠶᠢᠳᠠᠯ ᠢ ᠨᠠᠷᠢᠨ ᠠᠰᠠᠭᠤᠵᠤ᠂ ᠠᠪᠤᠷᠠᠨ ᠲᠤᠰᠠᠯᠠᠬᠤ ᠲᠤᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠪᠠᠶᠢᠴᠠᠭᠠᠨ ᠦᠵᠡᠬᠦ ᠶᠢᠨ ᠬᠠᠮᠲᠤ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢ ᠴᠢᠬᠤᠯᠠᠴᠢᠯᠠᠨ ᠳᠡᠮᠵᠢᠵᠦ᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠪᠠ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠬᠢᠵᠦ᠂ ︽ᠬᠤᠶᠠᠷ ᠢ ᠬᠦᠷᠢᠶᠡᠯᠡᠬᠦ︾ ᠠᠵᠢᠯ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ ᠭᠡᠰᠡᠨ ᠤ ᠬᠠᠮᠲᠤ ᠲᠣᠬᠤᠨᠢᠭᠤᠯᠬᠤ ᠪᠣᠳᠠᠰ ᠬᠦᠷᠭᠡᠨᠪᠡ᠃ᠴᠡᠷᠢᠭ ᠠᠴᠠ ᠬᠠᠯᠠᠭᠳᠠᠭᠰᠠᠳ ᠯᠢᠦ ᠸᠧᠨ ᠵᠢᠶᠦ᠋ᠨ ᠤ ᠭᠡᠷ ᠲᠤ᠂ ᠴᠧᠨ ᠬᠤᠷᠴᠠ ᠪᠡᠶ᠎ᠡ ᠶᠢᠨ ᠪᠠᠶᠢᠳᠠᠯ᠂ ᠭᠡᠷ ᠪᠦᠯᠢ ᠶᠢᠨ ᠠᠮᠢᠳᠤᠷᠠᠯ ᠪᠣᠯᠣᠨ ᠦᠷ᠎ᠡ ᠬᠡᠦᠬᠡᠳ ᠤᠨ ᠠᠵᠢᠯ ᠣᠯᠣᠭᠰᠠᠨ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠲᠣᠬᠤᠨᠢᠭᠤᠯᠬᠤ ᠮᠥᠩᠭᠦ ᠬᠦᠷᠭᠡᠵᠦ ᠲᠡᠭᠦᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠵᠥᠩᠨᠡᠯ ᠳᠡᠪᠰᠢᠭᠦᠯᠵᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1