ᠸᠠᠩ ᠯᠢ ᠰᠢᠶᠠ ᠪᠠᠶᠠᠷ ᠤᠨ ᠦᠭᠡ ᠶᠠᠷᠢᠵᠠᠢ | ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠵᠠᠩ ᠺᠦᠢ︶ ︽ᠤᠷᠭᠤᠬᠤ | ᠨᠠᠷᠠᠨ ᠤ ᠲᠤᠶᠠᠭᠠᠨ ᠳᠤ ᠦᠭᠡᠷ ᠬᠤᠨᠢᠳ ᠪᠡᠯᠴᠢᠵᠦ᠂ ᠤᠷᠢᠬᠠᠨ ᠰᠠᠯᠬᠢᠨ ᠤ ᠠᠶ᠎ᠠ ᠪᠠᠷ ᠰᠦ ᠶᠢᠨ ᠦᠨᠦᠷ | ᠬᠠᠩᠬᠤᠯᠤᠨ᠎ᠠ︾᠃ 8 ᠰᠠᠷ᠎ᠠ ᠶᠢᠨ 5 ᠤ ᠡᠳᠦᠷ᠂ ᠳᠡᠯᠡᠬᠡᠶ ᠶᠢᠨ ᠰᠦ ᠶᠢᠨ ᠦᠢᠯᠡᠰ ᠤᠨ ᠶᠡᠭᠡ ᠬᠤᠷᠠᠯ | ᠬᠥᠬᠡᠬᠤᠲᠠ ᠳᠤ ᠦᠪᠡᠳᠡᠭᠰᠢ ᠶᠡᠭᠡ ᠪᠠᠷ ᠡᠬᠢᠯᠡᠪᠡ᠃ ᠶᠡᠭᠡ ᠬᠤᠷᠠᠯ ᠨᠢ ︽ᠰᠢᠨ᠎ᠡ ᠶᠢ ᠡᠭᠦᠳᠬᠦ᠂ ᠬᠠᠮᠲᠤᠷᠠᠯᠴᠠᠭ᠎ᠠ᠂ | ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ᠂ ᠳᠡᠯᠡᠬᠡᠶ ᠶᠢᠨ ᠰᠦ ᠶᠢᠨ ᠦᠢᠯᠡᠰ ᠤᠨ ᠦᠷᠭᠦᠯᠵᠢᠯᠡᠬᠦ | ᠬᠥᠭᠵᠢᠯᠲᠡ ᠶᠢ ᠠᠬᠢᠭᠤᠯᠤᠶ᠎ᠠ︾ ᠭᠡᠬᠦ ᠪᠠᠷ ᠭᠤᠤᠯ ᠰᠡᠳᠦᠪ ᠪᠣᠯᠭᠠᠵᠤ᠂ ᠳᠡᠯᠡᠬᠡᠶ ᠶᠢᠨ ᠪᠠ ᠳᠤᠮᠳᠠᠳᠤ ᠤᠯᠤᠰ ᠤᠨ | ᠰᠦ ᠶᠢᠨ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ᠂ ᠰᠦ ᠶᠢᠨ ᠦᠢᠯᠡᠰ ᠤᠨ ᠬᠡᠯᠬᠢᠶ᠎ᠡ ᠶᠢᠨ ᠣᠯᠠᠨ | ᠤᠯᠤᠰ ᠤᠨ ᠨᠡᠷᠡᠲᠦ ᠠᠵᠤ ᠠᠬᠤᠶᠢᠯᠠᠯ ᠵᠢᠴᠢ ︽ᠬᠤᠶᠠᠷ ᠬᠦᠷᠢᠶᠡᠯᠡᠩ︾ ᠤᠨ ᠠᠺᠠᠳᠧᠮᠢᠴᠢ ᠵᠡᠷᠭᠡ ᠡᠷᠳᠡᠮᠲᠡᠨ | ᠮᠡᠷᠭᠡᠵᠢᠯᠲᠡᠨ ᠢ ᠤᠷᠢᠨ ᠵᠠᠯᠠᠵᠤ᠂ ᠴᠡᠯᠡᠭᠡᠷ ᠲᠠᠯ᠎ᠠ ᠶᠢᠨ ᠬᠤᠷᠠᠯ ᠤᠨ ᠲᠥᠪ ᠲᠤ ᠴᠤᠭᠯᠠᠷᠠᠵᠤ᠂ ᠰᠦ ᠶᠢᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠬᠠᠮᠲᠤ ᠪᠠᠷ ᠶᠠᠷᠢᠯᠴᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠨᠥᠬᠦᠷ ᠤᠨ | ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠸᠠᠩ ᠯᠢ ᠰᠢᠶᠠ ᠲᠤᠬᠠᠢ ᠶᠢᠨ ᠲᠠᠯᠠᠪᠠᠢ ᠳᠤ ᠬᠦᠷᠴᠦ ᠪᠠᠶᠠᠷ ᠤᠨ ᠦᠭᠡ ᠬᠡᠯᠡᠭᠰᠡᠨ ᠪᠥᠭᠡᠳ | ᠬᠤᠷᠠᠯ ᠳᠤ ᠣᠷᠣᠯᠴᠠᠭᠰᠠᠨ ᠡᠷᠬᠢᠮ ᠵᠣᠴᠢᠳ ᠲᠠᠢ ᠠᠭᠤᠯᠵᠠᠪᠠ᠃ ᠬᠥᠳᠡᠭᠡ ᠠᠵᠤ ᠠᠬᠤᠢ ᠬᠥᠳᠡᠭᠡ ᠲᠣᠰᠬᠤᠨ ᠤ | ᠶᠠᠮᠤᠨ ᠤ ᠶᠡᠷᠦᠩᠬᠡᠢ ᠮᠠᠯ ᠠᠵᠤ ᠠᠬᠤᠶᠢᠴᠢ ᠵᠠᠩ ᠲᠢᠶᠠᠨ ᠽᠦᠸᠧ ᠪᠠᠶᠠᠷ ᠤᠨ ᠦᠭᠡ ᠬᠡᠯᠡᠵᠡᠢ᠃ ᠥᠪᠡᠷᠲᠡᠭᠡᠨ | ᠵᠠᠰᠠᠬᠤ ᠣᠷᠣᠨ ᠤ ᠤᠳᠤᠷᠢᠳᠤᠯᠭ᠎ᠠ ᠶᠠᠩ ᠸᠧᠢ ᠳ᠋ᠦᠩ᠂ ᠪᠦᠦ ᠭᠠᠩ᠂ ᠳᠠᠶᠢᠴᠢᠨ᠂ ᠵᠠᠩ ᠯᠸᠢ᠂ ᠰᠦᠨ ᠵᠢᠶᠦ᠋ᠨ | ᠴᠢᠩ ᠣᠷᠣᠯᠴᠠᠵᠤ᠂ ᠶᠠᠩ ᠶᠢᠨ ᠡᠬᠢᠯᠡᠯᠲᠡ ᠶᠢᠨ ᠶᠣᠰᠣᠯᠠᠯ ᠢ ᠡᠷᠬᠢᠯᠡᠪᠡ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠣᠯᠠᠨ ᠤᠯᠤᠰ ᠤᠨ ᠴᠠᠭᠠᠨ ᠢᠳᠡᠭᠡᠨ ᠤ ᠬᠤᠯᠪᠣᠭ᠎ᠠ ᠶᠢᠨ | ᠲᠡᠷᠢᠭᠦᠯᠡᠭᠴᠢ ᠫᠠᠢᠯᠺᠤᠷᠢᠰᠲ᠋ᠢᠶᠠᠨᠣ᠋ · ᠪᠦᠯᠠᠵᠠᠯᠧ ᠪᠠᠶᠠᠷ ᠤᠨ ᠦᠭᠡ ᠬᠡᠯᠡᠵᠦ᠂ ᠬᠥᠬᠡᠬᠤᠲᠠ ᠶᠢᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠶ ᠳ᠋ᠦᠩ ᠬᠥᠬᠡᠬᠤᠲᠠ ᠶᠢᠨ ᠰᠦ ᠶᠢᠨ ᠠᠵᠤ | ᠦᠢᠯᠡᠰ ᠤᠨ ᠲᠤᠬᠠᠢ ᠲᠠᠨᠢᠯᠴᠠᠭᠤᠯᠭ᠎ᠠ ᠬᠢᠵᠦ᠂ ᠳᠤᠮᠳᠠᠳᠤ ᠤᠯᠤᠰ ᠤᠨ ᠰᠦ ᠶᠢᠨ ᠦᠢᠯᠡᠰ ᠤᠨ ᠨᠡᠶᠢᠭᠡᠮᠯᠢᠭ᠂ | ᠣᠯᠠᠨ ᠤᠯᠤᠰ ᠤᠨ ᠢᠳᠡᠭᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠯᠪᠣᠭ᠎ᠠ ᠠᠴᠠ ᠬᠥᠬᠡᠬᠤᠲᠠ ᠳᠤ | ᠲᠣᠰ ᠲᠣᠰ ︽ᠳᠤᠮᠳᠠᠳᠤ ᠤᠯᠤᠰ ᠤᠨ ᠰᠦ ᠶᠢᠨ ᠦᠢᠯᠡᠰ ᠤᠨ ᠡᠭᠦᠯᠳᠡᠷ ᠪᠣᠶᠢᠵᠢᠭᠤᠯᠬᠤ ᠬᠤᠳᠠ︾᠂ ︽ | ᠳᠡᠯᠡᠬᠡᠶ ᠶᠢᠨ ᠴᠠᠭᠠᠨ ᠢᠳᠡᠭᠡᠨ ᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠳᠠ︾ ᠶᠢᠨ | ᠴᠣᠯᠠ ᠣᠯᠭᠤᠪᠠ᠃ ᠬᠤᠷᠠᠯ ᠳᠤ ᠣᠷᠣᠯᠴᠠᠭᠰᠠᠨ ᠡᠷᠬᠢᠮ ᠵᠣᠴᠢᠳ ᠤᠯᠤᠰ ᠤᠨ ᠴᠠᠭᠠᠨ ᠢᠳᠡᠭᠡᠨ ᠤ ᠦᠢᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠶᠡᠷᠦᠩᠬᠡᠢ ᠭᠠᠵᠠᠷ ᠤᠨ ᠪᠠᠷᠢᠯᠭ᠎ᠠ ᠲᠠᠭᠤᠰᠴᠤ ᠠᠰᠢᠭᠯᠠᠯᠲᠠ ᠳᠤ | ᠣᠷᠣᠬᠤ ᠶᠢ ᠬᠠᠮᠲᠤ ᠪᠠᠷ ᠭᠡᠷᠡᠴᠢᠯᠡᠪᠡ᠃ ᠢᠯᠢ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠫᠠᠨ ᠭᠠᠩ᠂ | ᠾᠧᠩ ᠲᠢᠶᠠᠨ ᠷᠠᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠫᠢᠲᠷ · ᠮᠠᠶᠢᠺᠪᠯᠠᠶᠢᠶᠢᠳ᠋᠂ ᠮᠧᠩ ᠨᠢᠤ | ᠪᠦᠯᠦᠭᠯᠡᠯ ᠤᠨ ᠶᠡᠷᠦᠩᠬᠡᠢ ᠵᠠᠬᠢᠷᠤᠭᠴᠢ ᠯᠦ ᠮᠢᠨ ᠹᠠᠩ᠂ ᠠᠯᠠᠹᠦ᠋ᠽᠢ ᠺᠤᠮᠫᠠᠨᠢ ᠶᠢᠨ ᠭᠦᠢᠴᠡᠳᠭᠡᠭᠴᠢ ᠳᠡᠳ᠋ ᠶᠡᠷᠦᠩᠬᠡᠢ | ᠵᠠᠬᠢᠷᠤᠭᠴᠢ ᠰᠢᠮᠧᠩ ᠱᠢᠳᠢᠸᠧᠰ᠂ ᠯᠢ ᠯᠧ ᠪᠦᠯᠦᠭᠯᠡᠯ ᠤᠨ ᠪᠦᠬᠦ | ᠪᠥᠮᠪᠥᠷᠴᠡᠭ ᠤᠨ ᠳᠡᠳ᠋ ᠶᠡᠷᠦᠩᠬᠡᠢ ᠵᠠᠬᠢᠷᠤᠭᠴᠢ ᠲᠠᠲ᠋ᠢᠶᠠᠨᠠ · ᠯᠢᠰᠠᠶᠢᠲ᠋ᠢ ᠭᠤᠣᠯ ᠵᠤᠷᠢᠯᠳᠠᠳᠤ ᠶᠠᠷᠢᠶ᠎ᠠ ᠢᠯᠡᠳᠭᠡᠯ | ᠬᠢᠵᠡᠢ᠃ ᠶᠡᠭᠡ ᠬᠤᠷᠠᠯ ᠠᠴᠠ ᠪᠦᠬᠦ ᠳᠡᠯᠡᠬᠡᠢ ᠳᠤ ︽ᠰᠦ ᠶᠢᠨ ᠦᠢᠯᠡᠰ ᠤᠨ ᠪᠣᠬᠢᠷᠲᠤᠯ ᠦᠭᠡᠢ ᠦᠷᠭᠦᠯᠵᠢᠯᠡᠬᠦ | ᠬᠥᠭᠵᠢᠯᠲᠡ ᠶᠢᠨ ᠬᠥᠬᠡᠬᠤᠲᠠ ᠶᠢᠨ ᠰᠠᠨᠠᠭᠠᠴᠢᠯᠠᠭ᠎ᠠ︾ ᠭᠠᠷᠭᠠᠪᠠ᠃ | ᠶᠡᠭᠡ ᠬᠤᠷᠠᠯ ᠤᠨ ᠬᠤᠭᠤᠴᠠᠭᠠᠨ ᠳᠤ ᠪᠠᠰᠠ ︽ᠨᠢᠭᠡ ᠰᠢᠷᠬᠡᠭ ᠡᠪᠡᠰᠦ ᠠᠴᠠ ᠨᠢᠭᠡ ᠴᠤᠮᠤ ᠰᠦ︾ | ᠬᠥᠷᠲᠡᠯᠡᠬᠢ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠲᠥᠷᠥᠯ ᠵᠦᠢᠯ ᠢ ᠲᠣᠭᠤᠷᠢᠨ ᠦᠵᠡᠬᠦ | ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ᠂ ᠠᠵᠢᠯ ᠲᠥᠷᠥᠯ ᠤᠨ | ᠨᠡᠶᠢᠭᠡᠮᠯᠢᠭ ᠤᠨ ᠬᠠᠷᠢᠭᠤᠴᠠᠯᠭᠠᠲᠠᠨ᠂ ᠤᠯᠤᠰ ᠤᠨ ᠳᠣᠲᠣᠭᠠᠳᠤ ᠶᠢᠨ ᠰᠦ ᠶᠢᠨ ᠦᠢᠯᠡᠰ ᠤᠨ ᠨᠠᠷᠠᠲᠤ ᠲᠤᠰᠬᠠᠢ | ᠮᠡᠷᠭᠡᠵᠢᠯᠲᠡᠨ᠂ ᠡᠷᠳᠡᠮᠲᠡᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠨᠠᠷᠠᠲᠤ ᠴᠠᠭᠠᠨ ᠢᠳᠡᠭᠡᠨ ᠤ | ᠠᠵᠤ ᠠᠬᠤᠶᠢᠯᠠᠯ ᠵᠢᠴᠢ ᠠᠵᠤ ᠦᠢᠯᠡᠰ ᠤᠨ ᠬᠡᠯᠬᠢᠶ᠎ᠡ ᠶᠢᠨ ᠠᠵᠤ ᠠᠬᠤᠶᠢᠯᠠᠯ ᠵᠡᠷᠭᠡ ᠶᠢᠨ ᠲᠥᠯᠥᠭᠡᠯᠡᠭᠴᠢᠳ ᠢ | ᠤᠷᠢᠵᠤ ᠭᠤᠤᠯ ᠰᠡᠳᠦᠪᠲᠦ ᠰᠤᠳᠤᠯᠤᠨ ᠶᠠᠷᠢᠯᠴᠠᠭ᠎ᠠ ᠥᠷᠨᠢᠭᠦᠯᠬᠦ ᠶᠢᠨ ᠬᠠᠮᠲᠤ ᠰᠦ ᠶᠢᠨ ᠦᠢᠯᠡᠰ ᠤᠨ ᠪᠦᠬᠦ ᠠᠵᠤ | ᠦᠢᠯᠡᠰ ᠤᠨ ᠬᠡᠯᠬᠢᠶ᠎ᠡ ᠶᠢᠨ | ᠦᠵᠡᠰᠭᠦᠯᠡᠩ ᠤᠨ ᠴᠤᠭᠯᠠᠭᠠᠨ ᠪᠠ ᠳᠡᠯᠡᠬᠡᠶ ᠶᠢᠨ ᠰᠦ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ | ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠡᠷᠬᠢᠯᠡᠨ᠎ᠡ᠃ |