ᠴᠢᠩ ᠱᠦᠢ ᠾᠧ ᠰᠢᠶᠠᠨ 2023 ᠣᠨ ᠤ ᠭᠤᠣᠯᠳᠠᠯᠭ᠎ᠠ ᠲᠠᠢ ᠵᠠᠰᠠᠮᠠᠯ ᠵᠠᠮ ᠤᠨ ᠲᠦᠷᠦᠯ ᠵᠦᠢᠯ ᠤᠨ ᠲᠡᠷᠭᠡ ᠨᠡᠪᠲᠡᠷᠡᠬᠦ ᠶᠣᠰᠣᠯᠠᠯ ᠶᠠᠪᠤᠭᠤᠯᠵᠠᠢ
ᠨᠡᠶᠢᠲᠡᠯᠡᠭᠰᠡᠨ ᠴᠠᠭ᠄
2023/8/8
      8 ᠳ᠋ᠤᠭᠠᠷ ᠰᠠᠷ᠎ᠠ ᠶᠢᠨ 7  ᠤ ᠡᠳᠦᠷ᠂ ᠴᠢᠩ ᠱᠦᠢ ᠾᠧ ᠰᠢᠶᠠᠨ ᠴᠧᠩ ᠭᠤᠸᠠᠨ ᠪᠠᠯᠭᠠᠰᠤ ᠶᠢᠨ ᠫᠢᠩ ᠠᠨ ᠵᠡᠭᠡᠯᠢ᠂ ᠴᠢᠩ ᠱᠦᠢ ᠾᠧ ᠠᠵᠤ ᠦᠢᠯᠡᠰ ᠤᠨ ᠬᠦᠷᠢᠶᠡᠯᠡᠩ ᠤᠨ ᠵᠠᠮ᠂ ᠹᠧᠩ ᠵᠢᠶᠠ ᠲᠠ ᠠᠴᠠ ᠯᠣᠣ ᠨᠢᠦ ᠸᠠᠨ ᠬᠦᠷᠬᠦ ᠵᠠᠰᠠᠮᠠᠯ ᠵᠠᠮ᠂ Y702 ᠱᠤᠭᠤᠮ ᠠᠴᠠ ᠵᠢᠢ ᠮᠦ ᠲᠠ ᠬᠦᠷᠬᠦ ᠵᠠᠰᠠᠮᠠᠯ ᠵᠠᠮ ᠵᠡᠷᠭᠡ ᠳᠦᠷᠪᠡᠨ ᠭᠤᠣᠯᠳᠠᠯᠭ᠎ᠠ ᠲᠠᠢ ᠵᠠᠰᠠᠮᠠᠯ ᠵᠠᠮ ᠤᠨ ᠲᠦᠷᠦᠯ ᠵᠦᠢᠯ ᠤᠨ ᠲᠡᠷᠭᠡ ᠨᠡᠪᠲᠡᠷᠡᠬᠦ ᠶᠣᠰᠣᠯᠠᠯ ᠶᠠᠪᠤᠭᠤᠯᠪᠠ᠃ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠺᠧ ᠯᠢᠩ ᠶᠣᠰᠣᠯᠠᠯ ᠳᠤ ᠣᠷᠣᠯᠴᠠᠭᠰᠠᠨ ᠪᠥᠭᠡᠳ ᠲᠦᠷᠪᠡᠨ ᠲᠦᠷᠦᠯ ᠵᠦᠢᠯ ᠪᠠᠶᠢᠭᠤᠯᠤᠭᠳᠠᠵᠤ ᠲᠡᠷᠭᠡ ᠨᠡᠪᠲᠡᠷᠡᠭᠰᠡᠨ ᠢ ᠨᠡᠶᠢᠲᠡᠯᠡᠪᠡ᠃ᠴᠧᠨ ᠬᠤᠷᠴᠠ᠂ ᠱᠢ ᠶᠦᠩ ᠫᠢᠩ᠂ ᠳ᠋ᠦ᠋ ᠬᠦᠶ ᠵᠥᠩ ᠵᠡᠷᠭᠡ ᠰᠢᠶᠠᠨ ᠤ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠵᠠᠢ᠃
ᠵᠠᠮ ᠬᠠᠷᠢᠯᠴᠠᠭ᠎ᠠ ᠨᠡᠪᠲᠡᠷᠡᠪᠡᠯ ᠪᠣᠯ ᠠᠯᠢᠪᠠ ᠦᠢᠯᠡᠰ ᠬᠥᠭᠵᠢᠯ ᠪᠠᠳᠠᠷᠠᠯ ᠲᠠᠢ ᠪᠠᠶᠢᠳᠠᠭ᠃ᠴᠢᠩ ᠱᠦᠢ ᠾᠧ ᠰᠢᠶᠠᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ︽ᠲᠦᠷᠪᠡᠨ ᠰᠠᠶᠢᠨᠲᠠᠢ ᠬᠥᠳᠡᠭᠡ ᠲᠣᠰᠬᠤᠨ  ᠤ ᠵᠠᠮ︾  ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠮ ᠢᠶᠠᠷ ᠦᠢᠯᠡᠳᠪᠦᠷᠢᠯᠡᠯ ᠢ ᠬᠥᠭᠵᠢᠭᠦᠯᠬᠦ︽ᠬᠥᠭᠵᠢᠭᠦᠯᠦᠨ ᠮᠠᠨᠳᠤᠭᠤᠯᠬᠤ ᠵᠠᠮ︾  ᠢ ᠪᠦᠬᠦ ᠬᠦᠴᠦᠨ ᠢᠶᠠᠷ ᠢᠶᠠᠨ ᠰᠠᠶᠢᠲᠤᠷ ᠪᠦᠲᠦᠭᠡᠨ ᠪᠠᠶᠢᠭᠤᠯᠪᠠ᠃ᠲᠣᠰ ᠤᠳᠠᠭᠠᠨ ᠤ ᠲᠡᠷᠭᠡ ᠨᠡᠪᠲᠡᠷᠡᠭᠰᠡᠨ ᠳᠥᠷᠪᠡᠨ ᠭᠤᠣᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ ᠪᠣᠯ ᠮᠠᠨ ᠤ ᠰᠢᠶᠠᠨ ᠤ ᠬᠡᠪᠴᠢᠶᠡᠨ ᠤ ᠵᠠᠮ ᠬᠠᠷᠢᠯᠴᠠᠭᠠᠨ ᠤ ᠰᠢᠰᠲ᠋ᠧᠮ ᠢ ᠲᠡᠭᠦᠯᠳᠡᠷᠵᠢᠭᠦᠯᠵᠦ᠂ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠶᠢᠨ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ᠲᠦᠷᠪᠡᠨ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠭᠰᠡᠨ ᠨᠢ ᠪᠦᠬᠦ ᠰᠢᠶᠠᠨ ᠤ ᠠᠷᠠᠳ ᠲᠦᠮᠡᠨ ᠤ ᠵᠠᠮ ᠬᠠᠷᠢᠯᠴᠠᠭᠠᠨ ᠤ ᠶᠠᠪᠤᠵᠤ ᠰᠠᠭᠤᠬᠤ ᠣᠷᠴᠢᠨ ᠨᠥᠬᠦᠴᠡᠯ ᠢ ᠲᠤᠶᠢᠯ ᠤᠨ ᠶᠡᠭᠡ ᠪᠠᠷ ᠰᠠᠶᠢᠵᠢᠷᠠᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1