ᠾᠧ ᠬᠠᠢ ᠳ᠋ᠦᠩ ᠣᠷᠣᠯᠴᠠᠵᠠᠢ | ︵ᠰᠤᠷᠪᠤᠯᠵᠢᠯᠠᠭᠴᠢ ᠶᠦᠨ ᠵᠢᠩ︶ 8 ᠳ᠋ᠤᠭᠠᠷ ᠰᠠᠷ᠎ᠠ ᠶᠢᠨ 8 ᠤ ᠡᠳᠦᠷ᠂ ᠬᠤᠳᠠ ᠶᠢᠨ ᠨᠠᠮ ᠤᠨ | ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠲᠣᠭᠤᠷᠢᠨ ᠳᠤ ᠳᠥᠷᠪᠡᠳᠦᠭᠡᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠠᠷᠠᠳ ᠤᠨ ᠠᠮᠢᠳᠤᠷᠠᠯ ᠢ ᠦᠨᠡᠨᠬᠦ ᠪᠠᠲᠤᠯᠠᠨ ᠰᠠᠶᠢᠵᠢᠷᠠᠭᠤᠯᠵᠤ᠂ | ᠬᠠᠮᠲᠤᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠲᠤᠰᠬᠠᠢ ᠰᠡᠳᠦᠪ ᠢᠶᠠᠷ ᠰᠤᠳᠤᠯᠤᠨ | ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠬᠤᠷᠠᠯ ᠢ ᠡᠷᠬᠢᠯᠡᠵᠦ ᠶᠠᠷᠢᠶ᠎ᠠ ᠲᠠᠯᠪᠢᠪᠠ᠃ | ᠬᠤᠷᠠᠯ ᠳᠡᠭᠡᠷ᠎ᠡ᠂ ᠯᠢᠦ ᠵᠢᠢ ᠶᠢᠩ᠂ ᠵᠠᠩ ᠵᠢᠢ ᠹᠧᠢ᠂ ᠵᠢᠶᠣᠣ ᠬᠤᠩ᠂ ᠦ᠋ ᠴᠧᠩ ᠢ᠂ ᠵᠣᠣ ᠶᠢᠩ ᠵᠢᠶᠧ᠂ | ᠾᠧᠦ ᠢᠦᠢ᠂ ᠵᠠᠩ ᠱᠧᠩ ᠴᠦᠨ ᠵᠡᠷᠭᠡ 7 ᠨᠥᠬᠦᠷ ᠰᠤᠷᠤᠯᠴᠠᠯᠭ᠎ᠠ ᠶᠢᠨ ᠭᠤᠣᠯ ᠰᠡᠳᠦᠪ ᠲᠠᠢ ᠨᠢᠭᠲᠠ | ᠤᠶᠠᠯᠳᠤᠭᠤᠯᠤᠨ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠤᠯᠴᠠᠭᠰᠠᠨ ᠲᠥᠷᠥᠭᠳᠡᠯ ᠢᠶᠠᠨ | ᠰᠣᠯᠢᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠲᠤᠬᠠᠢ ᠪᠣᠳᠠᠲᠠᠢ | ᠰᠡᠳᠬᠢᠴᠡ ᠪᠠ ᠠᠷᠭ᠎ᠠ ᠬᠡᠮᠵᠢᠶ᠎ᠡ ᠪᠠᠨ ᠶᠠᠷᠢᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠪᠥᠷ ᠮᠣᠩᠭᠤᠯ ᠤᠨ ᠲᠤᠬᠠᠢ ᠠᠯᠢ | ᠤᠯᠠᠨ ᠴᠢᠬᠤᠯᠠ ᠵᠢᠭᠠᠪᠤᠷᠢ ᠳᠠᠭᠠᠨ ᠤᠯᠠᠨ ᠤᠳᠠᠭ᠎ᠠ ᠴᠢᠬᠤᠯᠠᠴᠢᠯᠠᠵᠤ᠂ ᠲᠣᠳᠣᠷᠬᠠᠢ ᠱᠠᠭᠠᠷᠳᠠᠯᠭ᠎ᠠ ᠳᠤᠷᠠᠳᠴᠤ᠂ | ᠪᠢᠳᠡᠨ ᠤ ᠠᠷᠠᠳ ᠤᠨ ᠠᠮᠢᠳᠤᠷᠠᠯ ᠤᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ | ᠵᠢᠷᠤᠮᠯᠠᠯ ᠬᠠᠩᠭᠠᠵᠠᠢ᠃ ᠡᠭᠦᠨ ᠢ ᠭᠦᠨᠵᠡᠭᠡᠢ ᠲᠠᠨᠢᠬᠤ ᠬᠡᠷᠡᠭᠲᠡᠢ᠃ ᠬᠢᠯᠢ ᠬᠢᠵᠠᠭᠠᠷ ᠤᠨ ᠦᠨᠳᠦᠰᠦᠲᠡᠨ ᠤ ᠣᠷᠣᠨ ᠤ | ᠲᠥᠪ ᠪᠣᠯᠤᠭᠰᠠᠨ ᠤ ᠬᠤᠪᠢ ᠳᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠨᠢ ᠠᠷᠠᠳ ᠤᠨ | ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠳᠤ ᠬᠤᠯᠪᠣᠭᠳᠠᠬᠤ ᠪᠠᠷ | ᠪᠠᠷᠠᠬᠤ ᠦᠭᠡᠢ᠂ ᠨᠡᠩ ᠴᠤ ᠨᠡᠶᠢᠭᠡᠮ ᠤᠨ ᠲᠣᠭᠲᠠᠭᠤᠨ ᠪᠠᠶᠢᠳᠠᠯ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠳᠤ | ᠬᠤᠯᠪᠣᠭᠳᠠᠬᠤ ᠶᠤᠮ᠂ ᠡᠶᠢᠮᠦ ᠠᠴᠠ ᠡᠷᠬᠡᠪᠰᠢ ︽ᠤᠯᠤᠰ ᠤᠨ ᠶᠡᠭᠡ ᠶᠠᠪᠤᠳᠠᠯ︾ ᠤᠨ ᠤᠯᠤᠰ ᠲᠦᠷᠦ ᠶᠢᠨ | ᠥᠨᠳᠥᠷ ᠠᠴᠠ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ | ᠪᠦᠬᠦ ᠲᠠᠯ᠎ᠠ ᠶᠢᠨ ᠬᠠᠷᠠᠭᠠᠰᠤ ᠠᠴᠠ ᠡᠨᠡᠬᠦ ᠠᠵᠢᠯ ᠢ ᠲᠠᠨᠢᠨ ᠡᠵᠡᠮᠳᠡᠵᠦ᠂ ᠠᠷᠠᠳ ᠤᠨ ᠠᠮᠢᠳᠤᠷᠠᠯ ᠤᠨ ᠠᠵᠢᠯ ᠢ | ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ | ᠭᠡᠳᠡᠭ ᠢ ᠭᠦᠢᠴᠡᠳ ᠲᠠᠨᠢᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠠᠷᠠᠳ ᠲᠦᠮᠡᠨ ᠳᠤ ᠪᠤᠶᠠᠨ ᠦᠢᠯᠡᠳᠬᠦ ᠵᠠᠰᠠᠭ ᠤᠨ ᠠᠵᠢᠯ ᠤᠨ | ᠠᠮᠵᠢᠯᠲᠠ ᠶᠢᠨ ᠦᠵᠡᠯᠲᠡ ᠶᠢ ᠪᠠᠲᠤ ᠪᠤᠢ ᠪᠣᠯᠭᠠᠵᠤ᠂ ᠦᠵᠡᠯ ᠰᠠᠨᠠᠭ᠎ᠠ ᠣᠶᠢᠯᠠᠭᠠᠭᠳᠠᠬᠤᠨ ᠤ ᠲᠠᠯ᠎ᠠ ᠪᠠᠷ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠪᠦᠬᠦ ᠰᠡᠳᠬᠢᠯ ᠪᠦᠬᠦ | ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠵᠤ᠂ ᠰᠠᠶᠢᠨ ᠶᠠᠪᠤᠳᠠᠯ | ᠪᠣᠳᠠᠲᠠᠢ ᠶᠠᠪᠤᠳᠠᠯ ᠢ ᠤᠯᠠᠨ ᠲᠦᠮᠡᠨ ᠤ ᠰᠡᠳᠬᠢᠯ ᠳᠤ ᠬᠦᠷᠲᠡᠯ᠎ᠡ ᠰᠠᠶᠢᠨ ᠬᠢᠬᠦ ᠬᠡᠷᠡᠭᠲᠡᠢ︔ ᠦᠢᠯᠡ | ᠠᠵᠢᠯᠯᠠᠭ᠎ᠠ ᠶᠢᠨ ᠠᠷᠭ᠎ᠠ ᠬᠡᠯᠪᠡᠷᠢ ᠶᠢᠨ ᠲᠠᠯ᠎ᠠ ᠪᠠᠷ ᠤᠯᠠᠨ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ | ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠤᠯᠠᠨ ᠲᠦᠮᠡᠨ ᠢ ᠦᠨᠡᠨᠬᠦ ᠬᠠᠪᠰᠤᠷᠤᠨ ᠪᠣᠳᠠᠲᠠᠢ ᠠᠰᠠᠭᠤᠳᠠᠯ ᠢ ᠨᠢ | ᠰᠢᠢᠳᠪᠦᠷᠢᠯᠡᠵᠦ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠤᠯᠠᠷᠢᠭᠤᠯᠬᠤ ᠶᠢ ᠰᠠᠶᠢᠲᠤᠷ ᠠᠳᠬᠤᠬᠤ | ᠬᠡᠷᠡᠭᠲᠡᠢ︔ ᠰᠢᠯᠭᠠᠨ ᠪᠠᠶᠢᠴᠠᠭᠠᠬᠤ ᠪᠠᠷᠢᠮᠵᠢᠶ᠎ᠠ ᠶᠢᠨ ᠲᠠᠯ᠎ᠠ ᠪᠠᠷ ᠤᠯᠠᠨ ᠲᠦᠮᠡᠨ ᠤ ᠦᠨᠡᠯᠡᠯᠲᠡ ᠪᠠᠷ ᠪᠠᠷᠢᠮᠵᠢᠶ᠎ᠠ | ᠪᠣᠯᠭᠠᠵᠤ᠂ ᠠᠷᠠᠳ ᠲᠦᠮᠡᠨ ᠳᠤ ᠪᠤᠶᠠᠨ ᠦᠢᠯᠡᠳᠬᠦ ᠶᠠᠪᠤᠳᠠᠯ ᠢ ᠦᠨᠡᠨ ᠬᠦ ᠰᠠᠶᠢᠲᠤᠷ ᠬᠢᠵᠦ ᠪᠣᠳᠠᠲᠠᠶᠢᠵᠢᠭᠤᠯᠬᠤ | ᠬᠡᠷᠡᠭᠲᠡᠢ᠃ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ | ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠴᠢᠷᠮᠠᠶᠢᠨ ᠶᠡᠬᠡᠰᠬᠡᠵᠦ᠂ ᠪᠣᠳᠠᠲᠤ ᠴᠣᠭᠴᠠ ᠶᠢᠨ ᠠᠵᠤ ᠠᠬᠤᠢ ᠪᠣᠯᠣᠨ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠠᠳᠬᠤᠬᠤ᠂ ᠬᠤᠶᠠᠳᠤᠭᠠᠷ ᠠᠵᠤ ᠦᠢᠯᠡᠰ ᠢ ᠠᠳᠬᠤᠬᠤ᠂ | ᠬᠦᠷᠢᠶᠡᠯᠡᠩ ᠲᠣᠭᠤᠷᠢᠭ ᠢ ᠠᠳᠬᠤᠬᠤ ᠲᠣᠭᠲᠠᠯ ᠬᠦᠴᠦᠨ ᠢ ᠪᠠᠲᠤᠯᠠᠵᠤ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠲᠦᠷᠭᠡᠨ ᠪᠠᠶᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠳᠤ ᠪᠠᠲᠤ ᠪᠠᠬᠢ | ᠪᠣᠳᠠᠰ ᠤᠨ ᠰᠠᠭᠤᠷᠢ ᠶᠢ ᠲᠠᠯᠪᠢᠬᠤ ᠬᠡᠷᠡᠭᠲᠡᠢ᠃ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ | ᠰᠠᠶᠢᠲᠤᠷ ᠪᠦᠲᠦᠭᠡᠨ ᠪᠠᠶᠢᠭᠤᠯᠵᠤ᠂ ᠰᠢᠰᠲ᠋ᠧᠮ ᠤᠨ ᠦᠵᠡᠯᠲᠡ ᠪᠠᠷ ᠬᠤᠳᠠ ᠶᠢᠨ ᠲᠥᠯᠦᠪᠵᠢᠭᠦᠯᠭᠡ ᠶᠢ ᠰᠠᠶᠢᠲᠤᠷ | ᠬᠢᠵᠦ᠂ ᠬᠠᠮᠤᠭ ᠤᠨ ᠰᠠᠶᠢᠨ ᠣᠷᠣᠨ ᠤ ᠪᠠᠷᠢᠮᠵᠢᠶ᠎ᠠ ᠪᠠᠷ ᠬᠤᠳᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠵᠠᠮ ᠤᠨ ᠲᠣᠣᠷ ᠤᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠳᠠ ᠶᠢᠨ ᠰᠢᠨᠡᠴᠢᠯᠡᠯᠲᠡ ᠶᠢ ᠭᠦᠨᠵᠡᠭᠡᠢ | ᠬᠡᠷᠡᠭᠵᠢᠭᠦᠯᠵᠦ᠂ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ᠂ ᠬᠠᠭᠤᠴᠢᠨ ᠬᠤᠷᠢᠶᠠᠯᠠᠯ ᠤᠨ | ᠥᠭᠡᠷᠡᠴᠢᠯᠡᠯᠲᠡ ᠪᠣᠯᠣᠨ ᠬᠤᠳᠠ ᠶᠢᠨ ᠨᠣᠭᠤᠭᠠᠨ ᠵᠠᠮ᠂ ᠬᠠᠷᠮᠠᠨ ᠴᠡᠴᠡᠷᠯᠢᠭ ᠵᠡᠷᠭᠡ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠳᠤᠮᠳᠠ ᠬᠤᠳᠠ ᠶᠢ ᠨᠡᠩ ᠳᠤᠯᠠᠭᠠᠬᠠᠨ ᠪᠣᠯᠭᠠᠵᠤ᠂ ᠬᠥᠮᠥᠰ ᠤᠨ ᠰᠡᠳᠬᠢᠯ ᠢ ᠨᠡᠩ | ᠳᠤᠯᠠᠭᠠᠴᠠᠭᠤᠯᠬᠤ ᠬᠡᠷᠡᠭᠲᠡᠢ᠃ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠦᠨᠡᠨᠬᠦ ᠰᠠᠶᠢᠲᠤᠷ ᠠᠳᠬᠤᠵᠤ᠂ | ᠵᠡᠭᠡᠯᠢ ᠭᠤᠳᠤᠮᠵᠢ ᠬᠢᠭᠡᠳ ᠪᠤᠰᠤᠳ ᠡᠭᠦᠷᠭᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠠᠷᠢᠴᠠᠭ᠎ᠠ ᠶᠢ | ᠰᠢᠯᠤᠭᠤᠳᠬᠠᠵᠤ᠂ ᠨᠡᠶᠢᠭᠡᠮ ᠲᠣᠭᠤᠷᠢᠭ ᠤᠨ ᠠᠵᠢᠯᠲᠠᠨ ᠤ ︽ᠭᠤᠷᠪᠠᠨ ᠠᠵᠢᠯ ᠤᠨ ᠪᠠᠶᠢᠷᠢ ᠠᠷᠪᠠᠨ ᠨᠠᠢᠮᠠᠨ ᠲᠠᠰ︾ | ᠤᠨ ᠴᠠᠯᠢᠩ ᠬᠥᠯᠥᠰᠦ ᠶᠢᠨ ᠰᠢᠰᠲ᠋ᠧᠮᠵᠢ ᠶᠢ ᠰᠠᠶᠢᠲᠤᠷ ᠨᠠᠶᠢᠳᠠᠪᠤᠷᠢᠵᠢᠭᠤᠯᠤᠨ᠂ ︽ᠬᠥᠬᠡᠬᠤᠲᠠ ᠶᠢᠨ ᠣᠷᠣᠨ | ᠰᠠᠭᠤᠴᠠ ᠶᠢᠨ ᠬᠤᠷᠢᠶᠠᠯᠠᠯ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ᠢ ᠰᠠᠶᠢᠲᠤᠷ ᠬᠡᠷᠡᠭᠵᠢᠭᠦᠯᠵᠦ᠂ | ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ | ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠯᠠᠨ ᠲᠦᠮᠡᠨ ᠤ ᠪᠠᠴᠢᠮᠳᠠᠵᠤ ᠬᠦᠴᠢᠷᠳᠡᠵᠦ | ᠵᠣᠪᠠᠵᠤ ᠬᠦᠰᠡᠵᠦ ᠰᠠᠨᠠᠭᠰᠠᠨ ᠠᠰᠠᠭᠤᠳᠠᠯ ᠢ ᠯᠠᠪᠳᠠᠭᠤᠨ ᠪᠠᠲᠤᠲᠠᠢ ᠰᠢᠢᠳᠪᠦᠷᠢᠯᠡᠵᠦ᠂ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠤᠯᠤᠰ ᠤᠨ ᠤᠯᠠᠨ ᠨᠡᠶᠢᠲᠡ ᠶᠢᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠲᠦᠷᠦᠯ ᠵᠦᠢᠯ ᠢ ᠭᠦᠨᠵᠡᠭᠡᠢ ᠬᠡᠷᠡᠭᠵᠢᠭᠦᠯᠵᠦ᠂ | ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ︾ ᠭᠤᠷᠪᠠᠨ ᠵᠢᠯ ᠤᠨᠢᠨᠵᠧᠨᠧᠷᠢᠩ ᠢ ᠯᠠᠪᠳᠠᠭᠤᠨ | ᠪᠠᠲᠤᠲᠠᠢ ᠠᠬᠢᠭᠤᠯᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ︔ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ | ᠰᠠᠶᠢᠲᠤᠷ ᠡᠷᠬᠢᠯᠡᠵᠦ᠂ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ | ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠵᠦ᠂ ᠣᠷᠣᠨ ᠤ ᠲᠥᠪ ᠤᠨ | ᠤᠯᠠᠨ ᠲᠦᠮᠡᠨ ᠤ ᠰᠢᠯᠢᠳᠡᠭ ᠰᠤᠷᠭᠠᠨ ᠬᠥᠮᠦᠵᠢᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠨᠡᠩ ᠰᠠᠶᠢᠲᠤᠷ | ᠬᠠᠩᠭᠠᠬᠤ ᠬᠡᠷᠡᠭᠲᠡᠢ︔ ᠡᠮ ᠡᠮᠨᠡᠯᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠭᠤᠷᠪᠠᠨ | ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠣᠷᠣᠨ ᠤ ᠲᠥᠪ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ︔ ᠨᠡᠶᠢᠭᠡᠮ ᠤᠨ ᠪᠠᠲᠤᠯᠠᠭ᠎ᠠ ᠶᠢ ᠨᠠᠷᠢᠨ | ᠨᠢᠮᠪᠠᠢ ᠰᠠᠶᠢᠲᠤᠷ ᠬᠢᠵᠦ᠂ ᠵᠡᠮᠳᠡᠭᠴᠦᠳ ᠢ ᠲᠤᠰᠠᠯᠠᠬᠤ᠂ ᠥᠨᠥᠴᠢᠨ ᠬᠡᠦᠬᠡᠳ ᠢ ᠠᠪᠤᠷᠠᠬᠤ᠂ ᠬᠦᠴᠢᠷᠳᠡᠯᠲᠡᠢ ᠶᠢ | ᠲᠤᠰᠠᠯᠠᠬᠤ᠂ ᠠᠰᠠᠷᠠᠨ ᠬᠠᠷᠠᠭᠠᠯᠵᠠᠬᠤ᠂ ᠨᠠᠰᠤᠲᠠᠨ ᠢ ᠠᠰᠠᠷᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ︔ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠤ᠂ ︽ᠮᠢᠩᠭᠠᠨ ᠲᠦᠮᠡᠨ | ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠳᠡᠯᠭᠡᠷᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ | ᠴᠢᠨᠡᠭᠡᠯᠢᠭᠵᠢᠬᠦ ᠠᠷᠭ᠎ᠠ ᠵᠠᠮ ᠢ ᠥᠷᠭᠡᠳᠬᠡᠬᠦ ᠬᠡᠷᠡᠭᠲᠡᠢ︔ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ | ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠢ ᠴᠢᠩᠭ᠎ᠠ ᠠᠩᠬᠠᠷᠴᠤ᠂ ᠠᠷᠠᠳ ᠤᠯᠠᠨ ᠤ ᠠᠮᠢ | ᠨᠠᠰᠤ ᠡᠳ᠋ ᠬᠥᠷᠥᠩᠭᠡ ᠶᠢᠨ ᠠᠶᠤᠯᠭᠦᠢ ᠶᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠵᠡᠢ᠃ | ᠬᠤᠳᠠ ᠶᠢᠨ ᠤᠳᠤᠷᠢᠳᠤᠯᠭ᠎ᠠ ᠾᠧ ᠬᠠᠢ ᠳ᠋ᠦᠩ ᠨᠠᠷ ᠰᠤᠷᠤᠯᠴᠠᠯᠭ᠎ᠠ ᠳᠤ ᠣᠷᠣᠯᠴᠠᠪᠠ᠃ |