ᠪᠣᠣ ᠭᠠᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠶᠦᠨ ᠵᠢᠩ︶ 8 ᠳ᠋ᠤᠭᠠᠷ ᠰᠠᠷ᠎ᠠ ᠶᠢᠨ 8 ᠤ ᠡᠳᠦᠷ᠂ ᠬᠤᠳᠠ ᠶᠢᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠵᠣᠬᠢᠶᠠᠯ ︽ᠦᠨᠳᠦᠰᠦᠨ ᠰᠤᠳᠤᠯᠭᠠᠨ ᠢ ᠴᠢᠩᠭᠠᠳᠬᠠᠵᠤ ᠥᠨᠳᠥᠷ ᠲᠦᠪᠰᠢᠨ ᠪᠦᠬᠦᠢ ᠰᠢᠨᠵᠢᠯᠡᠬᠦ | ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠦᠶ᠎ᠡ︾᠂ ᠦᠶᠡᠷ ᠢ ᠰᠡᠷᠭᠡᠶᠢᠯᠡᠵᠦ | ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ | ᠪᠠᠶᠢᠷᠢᠯᠠᠭᠤᠯᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠴᠠᠭ | ᠢᠮᠠᠭᠲᠠ ᠬᠥᠭᠵᠢᠯᠲᠡ ᠶᠢᠨ ᠪᠦᠬᠦ ᠲᠠᠯ᠎ᠠ ᠶᠢᠨ ᠴᠢᠬᠤᠯᠠ ᠪᠠᠶᠢᠷᠢᠨ ᠳᠤ ᠲᠠᠯᠪᠢᠵᠤ᠂ ︽ᠣᠷᠣᠨ ᠪᠦᠰᠡ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠣᠯᠣᠨ ᠪᠦᠬᠦ ᠣᠷᠣᠨ ᠤ ᠴᠢᠳᠠᠪᠤᠷᠢᠲᠠᠨ ᠤ | ᠥᠨᠳᠦᠷᠯᠢᠭ︾ ᠢ ᠪᠠᠶᠢᠭᠤᠯᠬᠤ ᠬᠠᠷᠠᠯᠲᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ ᠪᠦᠬᠦ ᠬᠤᠳᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠰᠦᠪᠡᠭᠴᠢᠯᠡᠨ ᠠᠬᠢᠭᠤᠯᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠲᠠᠯ᠎ᠠ ᠪᠠᠷ ᠪᠦᠬᠦ ᠣᠷᠣᠨ ᠤ ᠡᠮᠦᠨ᠎ᠡ ᠡᠩᠨᠡᠭᠡᠨ ᠳᠤ | ᠶᠠᠪᠤᠬᠤ ᠪᠠᠷ ᠴᠢᠷᠮᠠᠶᠢᠬᠤ ᠬᠡᠷᠡᠭᠲᠡᠢ᠃ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠵᠦ᠂ ᠬᠤᠷᠢᠨᠭᠡᠷ ᠤᠨ | ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠵᠢᠨᠴᠢᠶᠣᠣ ᠶᠢᠨ ︽ᠦᠢᠯᠡᠰ | ᠴᠣᠭᠴᠠᠯᠠᠵᠤ ᠰᠢᠨ᠎ᠡ ᠶᠢ ᠡᠭᠦᠳᠬᠦ︾ ᠵᠢᠱᠢᠶ᠎ᠡ ᠦᠵᠡᠭᠦᠯᠬᠦ ᠣᠷᠣᠨ᠂ ᠣᠷᠣᠨ ᠤ ᠲᠥᠪ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠤᠲᠠ ᠶᠢᠨ ᠭᠤᠷᠪᠠᠨ ᠶᠡᠭᠡ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃ | ᠠᠴᠢᠶᠠᠯᠠᠪᠤᠷᠢ ᠶᠢ ᠪᠣᠳᠠᠲᠠᠢ ᠪᠠᠷ ᠠᠳᠬᠤᠵᠤ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠢ ᠰᠠᠶᠢᠲᠤᠷ ᠠᠰᠢᠭᠯᠠᠨ᠂ ᠠᠵᠢᠯ ᠲᠥᠷᠥᠯ ᠤᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠢ ᠶᠢ ᠪᠥᠬᠦ | ᠬᠦᠴᠦᠨ ᠢᠶᠠᠷ ᠢᠶᠠᠨ ᠰᠢᠪᠲᠤᠯᠵᠤ᠂ ᠤᠯᠤᠰ ᠤᠨ ᠡᠪᠡᠰᠦᠨ ᠤ ᠦᠢᠯᠡᠰ᠂ ᠠᠮᠢᠲᠠᠨ ᠤ ᠸᠠᠺᠼᠢᠨ ᠵᠡᠷᠭᠡ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠢᠳᠡᠪᠬᠢᠲᠡᠢ ᠪᠠᠷ ᠴᠢᠷᠮᠠᠶᠢᠨ ᠡᠭᠦᠳᠴᠦ᠂ ᠡᠯ᠎ᠡ ᠲᠥᠷᠥᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠴᠢᠶᠠᠯᠠᠪᠤᠷᠢ ᠶᠢ ᠪᠣᠳᠠᠲᠠᠶᠢᠵᠢᠭᠤᠯᠤᠨ ᠰᠢᠯᠢᠳᠡᠭᠵᠢᠭᠦᠯᠵᠦ | ᠬᠦᠴᠦᠷᠬᠡᠭᠵᠢᠭᠦᠯᠬᠦ ᠪᠠᠷ ᠴᠢᠷᠮᠠᠶᠢᠬᠤ ᠬᠡᠷᠡᠭᠲᠡᠢ᠃ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠰᠦ ᠶᠢᠨ | ᠦᠢᠯᠡᠰ᠂ ᠬᠠᠭᠠᠰ ᠳᠠᠮᠵᠢᠭᠤᠯᠤᠭᠴᠢ ᠴᠠᠬᠢᠭᠤᠷ ᠤᠨ ᠮᠠᠲ᠋ᠧᠷᠢᠶᠠᠯ ᠵᠡᠷᠭᠡ ᠭᠤᠣᠯᠯᠠᠭᠴᠢ ᠠᠵᠤ ᠦᠢᠯᠡᠰ ᠤᠨ | ᠮᠡᠷᠭᠡᠵᠢᠯ ᠤᠨ ︽ᠪᠣᠭᠤᠮᠢᠯᠠᠭᠰᠠᠨ︾ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠰᠢᠨ᠎ᠡ ᠶᠢ ᠡᠭᠦᠳᠦᠭᠰᠡᠨ ᠦᠷ᠎ᠡ | ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ | ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦ ᠨᠡᠮᠡᠷᠢᠯᠡᠬᠦ ᠬᠡᠷᠡᠭᠲᠡᠢ᠃ ᠴᠢᠳᠠᠪᠤᠷᠢᠲᠠᠨ ᠢ | ᠴᠢᠬᠤᠯᠠᠴᠢᠯᠠᠨ᠂ ᠭᠤᠷᠪᠠᠨ ᠵᠢᠯ ᠤᠨ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ | ᠢ ᠭᠦᠨᠵᠡᠭᠡᠢ ᠬᠡᠷᠡᠭᠵᠢᠭᠦᠯᠵᠦ᠂ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠢ | ᠬᠠᠨᠳᠤᠯᠭᠠᠲᠤ ᠴᠢᠨᠠᠷᠲᠠᠢ ᠪᠠᠷ ᠣᠷᠣᠭᠤᠯᠤᠨ ᠠᠪᠴᠢᠷᠠᠬᠤ ᠬᠡᠷᠡᠭᠲᠡᠢ᠃ ᠲᠣᠬᠢᠷᠠᠭᠤᠯᠤᠯᠲᠠ ᠬᠢᠬᠦ ᠲᠣᠭᠲᠠᠴᠠ᠂ | ᠬᠠᠮᠲᠤᠷᠠᠨ ᠠᠵᠢᠯᠯᠠᠬᠤ ᠲᠣᠭᠲᠠᠴᠠ᠂ ᠵᠠᠬ᠎ᠠ ᠳᠡᠯᠭᠡᠭᠦᠷ ᠤᠨ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠵᠦᠢᠯ ᠤᠨ | ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ | ᠭᠠᠮᠰᠢᠭ ᠠᠴᠠ ᠠᠪᠤᠷᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ᠂ ᠲᠤᠶᠢᠯᠰᠢᠷᠠᠯ ᠤᠨ ᠰᠡᠳᠬᠢᠬᠦᠢ ᠶᠢ ᠪᠠᠷᠢᠮᠲᠠᠯᠠᠵᠤ᠂ ᠠᠵᠠ | ᠭᠤᠷᠢᠳᠠᠬᠤ ᠰᠡᠳᠬᠢᠴᠡ ᠶᠢ ᠡᠷᠡᠰ ᠲᠡᠪᠴᠢᠵᠦ᠂ ᠦᠶᠡᠷ ᠤᠨ ᠬᠤᠭᠤᠴᠠᠭᠠᠨ ᠤ ᠠᠶᠤᠯᠭᠦᠢ ᠶᠢ ᠪᠦᠬᠦ | ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠤᠯᠠᠮ ᠨᠢᠭᠡ | ᠠᠯᠬᠤᠮ ᠴᠢᠩᠭᠠᠳᠬᠠᠵᠤ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠪᠣᠳᠠᠲᠠᠢ ᠠᠳᠬᠤᠵᠤ᠂ ᠠᠭᠤᠯᠠ ᠶᠢᠨ | ᠦᠶᠡᠷ ᠤᠨ ᠭᠤᠤ᠂ ᠭᠤᠣᠯ ᠤᠨ ᠵᠠᠮ᠂ ᠤᠰᠤᠨ ᠴᠥᠭᠦᠷᠥᠮ᠂ ᠦᠶᠡᠷ ᠤᠨ ᠵᠠᠮ ᠤᠨ ᠬᠠᠰᠢᠯᠭ᠎ᠠ ᠵᠡᠷᠭᠡ | ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠲᠣᠭᠤᠷᠢᠨ ᠪᠠᠶᠢᠴᠠᠭᠠᠬᠤ ᠤᠳᠠᠭ᠎ᠠ ᠳᠠᠷᠠᠭ᠎ᠠ ᠪᠠᠨ | ᠣᠯᠠᠨ ᠪᠣᠯᠭᠠᠵᠤ᠂ ᠠᠶᠤᠯ ᠠᠴᠠ ᠠᠪᠤᠷᠠᠨ ᠰᠢᠢᠳᠪᠦᠷᠢᠯᠡᠬᠦ ᠬᠦᠴᠦᠨ ᠢ ᠭᠦᠢᠴᠡᠳ ᠲᠣᠬᠢᠷᠠᠭᠤᠯᠵᠤ᠂ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠰᠠᠶᠢᠲᠤᠷ ᠬᠢᠵᠦ᠂ ᠬᠠᠷᠢᠭᠤᠴᠠᠯᠭ᠎ᠠ ᠶᠢ ᠦᠨᠡᠨᠬᠦ ᠦᠶᠡᠷ ᠢ ᠰᠡᠷᠭᠡᠶᠢᠯᠡᠬᠦ | ᠠᠵᠢᠯ ᠤᠨ ᠪᠦᠬᠦ ᠶᠠᠪᠤᠴᠠ᠂ ᠡᠯ᠎ᠡ ᠱᠠᠲᠤ ᠳᠠᠪᠬᠤᠷᠭ᠎ᠠ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠬᠤᠶᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠪᠠᠷ ᠬᠥᠬᠡᠬᠤᠲᠠ ᠳᠤ ᠬᠠᠷᠢᠭᠤ ᠲᠤᠰᠬᠠᠭᠰᠠᠨ | ᠰᠠᠨᠠᠯ ᠤᠨ ᠬᠠᠮᠢᠶ᠎ᠠ ᠪᠦᠬᠦᠢ ᠴᠡᠭᠴᠡᠯᠡᠨ ᠰᠠᠶᠢᠵᠢᠷᠠᠭᠤᠯᠬᠤ ᠲᠥᠰᠥᠯ ᠢ ᠬᠢᠨᠠᠨ ᠵᠥᠪᠯᠡᠵᠦ ᠴᠢᠬᠤᠯᠠᠴᠢᠯᠠᠭᠰᠠᠨ ᠨᠢ᠂ | ᠬᠠᠷᠢᠭᠤᠴᠠᠯᠭ᠎ᠠ ᠶᠢ ᠪᠠᠲᠤᠳᠬᠠᠵᠤ᠂ ᠡᠯ᠎ᠡ ᠴᠡᠭᠴᠡᠯᠡᠨ ᠰᠠᠶᠢᠵᠢᠷᠠᠭᠤᠯᠬᠤ ᠲᠥᠰᠥᠯ ᠪᠣᠯᠣᠨ ᠴᠠᠭ ᠤᠨ | ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ︽ᠣᠳᠣᠬᠠᠨ ᠥᠭᠡᠷᠡᠴᠢᠯᠡᠬᠦ︾ ᠪᠠ | ︽ᠤᠷᠳᠤ ᠬᠤᠭᠤᠴᠠᠭ᠎ᠠ ᠪᠠᠷ ᠪᠠᠷᠢᠮᠲᠠᠯᠠᠬᠤ︾ ᠶᠢ ᠤᠶᠠᠯᠳᠤᠭᠤᠯᠵᠤ᠂ ᠡᠬᠢ ᠡᠭᠦᠰᠦᠯ ᠠᠴᠠ ᠨᠢ ᠭᠦᠨᠵᠡᠭᠡᠢ | ᠴᠡᠭᠴᠡᠯᠡᠨ ᠰᠠᠶᠢᠵᠢᠷᠠᠭᠤᠯᠵᠤ᠂ ᠳᠦᠷᠢᠮ ᠤᠨ ᠲᠠᠯ᠎ᠠ ᠠᠴᠠ ᠲᠠᠰᠤᠷᠠᠯᠳᠡ ᠦᠭᠡᠢ ᠲᠡᠭᠦᠯᠳᠡᠷᠵᠢᠭᠦᠯᠵᠦ᠂ ᠲᠣᠭᠤᠷᠢᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠣᠳᠠᠲᠠᠢ ᠥᠭᠡᠷᠡᠴᠢᠯᠡᠵᠦ ᠲᠤᠶᠢᠯᠪᠤᠷᠢᠲᠠᠢ ᠥᠭᠡᠷᠡᠴᠢᠯᠡᠬᠦ ᠶᠢ | ᠪᠠᠲᠤᠯᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠣᠳᠣᠬᠢᠴᠢᠯᠠᠭᠰᠠᠨ | ᠣᠷᠣᠨ ᠪᠦᠰᠡ ᠶᠢᠨ ᠲᠥᠪ ᠬᠤᠳᠠ ᠶᠢ ᠪᠦᠲᠦᠭᠡᠨ ᠪᠠᠶᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ | ᠬᠤᠪᠢᠷᠠᠭᠤᠯᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ︽ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠢ ᠰᠢᠢᠳᠪᠦᠷᠢᠯᠡᠬᠦ ᠶᠠᠰᠤ | ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠣᠳᠠᠲᠠᠢ ᠠᠷᠭ᠎ᠠ ᠬᠡᠮᠵᠢᠶ᠎ᠡ︾ ᠶᠢ ᠬᠢᠨᠠᠨ ᠵᠥᠪᠯᠡᠪᠡ᠃ |