︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠶᠢᠨ ᠵᠢᠯ ᠳᠤ᠂ ᠮᠠᠨ ᠤ ᠬᠤᠲᠠ ︽ᠰᠢᠷᠬᠡᠭ | ᠡᠪᠡᠰᠦ ᠠᠴᠠ ᠴᠣᠮᠣ ᠰᠦ ᠬᠦᠷᠲᠡᠯᠡᠬᠢ︾ ᠰᠢᠨ᠎ᠡ ᠶᠢ ᠡᠭᠦᠳᠬᠦ ᠬᠡᠯᠬᠢᠶ᠎ᠡ ᠪᠠ ᠠᠵᠤ ᠦᠢᠯᠡᠰ ᠤᠨ ᠬᠡᠯᠬᠢᠶ᠎ᠡ ᠶᠢᠨ | ᠠᠭᠤᠰᠤᠯᠴᠠᠯ᠂ ᠲᠡᠷᠢᠭᠦᠨ ᠤ ᠦᠢᠯᠡᠳᠬᠦ ᠦᠢᠯᠡᠰ ᠪᠠ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ | ᠠᠭᠤᠰᠤᠯᠴᠠᠯ ᠢ ᠭᠦᠨᠵᠡᠭᠡᠢ ᠠᠬᠢᠭᠤᠯᠵᠤ᠂ ᠤᠯᠤᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠢ ᠪᠠᠶᠢᠭᠤᠯᠤᠨ᠂ ᠰᠦ ᠶᠢᠨ ᠦᠢᠯᠡᠰ ᠤᠨ ᠬᠥᠭᠵᠢᠯᠲᠡ ᠶᠢ ᠶᠡᠬᠡᠪᠡᠷ | ᠠᠬᠢᠭᠤᠯᠵᠤ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ︽ᠨᠢᠭᠡ ᠬᠥᠨᠳᠡᠢ | ᠨᠢᠭᠡ ᠬᠦᠷᠢᠶᠡᠯᠡᠩ ᠨᠢᠭᠡ ᠰᠠᠭᠤᠷᠢᠨ ᠭᠠᠵᠠᠷ︾ ︵ᠢᠯᠢ ᠡᠷᠡᠭᠦᠯ ᠮᠡᠨᠳᠦ ᠶᠢᠨ ᠬᠥᠨᠳᠡᠢ᠂ ᠮᠧᠩ ᠨᠢᠦ ᠠᠵᠤ | ᠦᠢᠯᠡᠰ ᠤᠨ ᠬᠦᠷᠢᠶᠡᠯᠡᠩ᠂ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ︶ ᠢ | ᠦᠷᠭᠦᠯᠵᠢᠯᠡᠨ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠴᠢᠳᠠᠪᠤᠷᠢ ᠶᠢᠨ ᠳᠡᠰ ᠢ ᠳᠡᠭᠡᠭᠰᠢᠯᠡᠭᠦᠯᠵᠦ᠂ | ᠪᠦᠲᠦᠴᠡ ᠶᠢ ᠰᠢᠯᠢᠳᠡᠭᠵᠢᠬᠦᠯᠵᠦ᠂ ᠠᠮᠢ ᠠᠬᠤᠢ ᠶᠢ ᠪᠣᠶᠢᠵᠢᠭᠤᠯᠤᠨ᠂ ᠰᠢᠨ᠎ᠡ ᠶᠢ ᠡᠭᠦᠳᠬᠦ ᠶᠢᠨ ᠳᠠᠶᠢᠴᠢᠯᠠᠬᠤ | ᠬᠦᠴᠦᠨ ᠪᠠ ᠠᠵᠤ ᠦᠢᠯᠡᠰ ᠤᠨ ᠲᠤᠯᠭᠠᠭᠤᠷᠢᠯᠠᠬᠤ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ | ᠪᠥᠭᠡᠮᠨᠡᠷᠡᠯ ᠤᠨ ᠬᠥᠭᠵᠢᠯᠲᠡ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ︽ | ᠬᠠᠨᠳᠤᠰᠢ︾ ᠪᠠᠶᠢᠭᠰᠠᠨ ᠠᠴᠠ ︽ᠴᠢᠳᠠᠪᠤᠷᠢ︾ ᠪᠣᠯᠵᠤ ᠬᠤᠪᠢᠷᠠᠬᠤ ᠪᠠ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠳᠤ ᠲᠠᠰᠤᠷᠠᠯᠳᠡ ᠦᠭᠡᠢ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ | ᠡᠨᠡ ᠵᠢᠯ᠂ ᠮᠠᠨ ᠤ ᠬᠤᠲᠠ ᠶᠢᠨ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠳᠤ 94 ᠭᠤᠣᠯᠳᠠᠯᠭ᠎ᠠ ᠲᠠᠢ ᠲᠥᠷᠥᠯ ᠵᠦᠢᠯ ︵ | ᠡᠭᠦᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢ 66︶ ᠢ ᠬᠡᠷᠡᠭᠵᠢᠭᠦᠯᠵᠦ᠂ ᠡᠭᠦᠨ ᠳᠤ 43 ᠲᠥᠷᠥᠯ ᠵᠦᠢᠯ ᠢ | ᠰᠢᠨ᠎ᠡ ᠪᠠᠷ ᠪᠠᠶᠢᠭᠤᠯᠵᠤ᠂ 51 ᠲᠥᠷᠥᠯ ᠵᠦᠢᠯ ᠢ ᠦᠷᠭᠦᠯᠵᠢᠯᠡᠨ ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ | ᠨᠢ ᠪᠠᠷᠤᠭ 370 ᠳ᠋ᠦᠩᠰᠢᠭᠤᠷ ᠲᠥᠭᠦᠷᠢᠭ ᠪᠠᠶᠢᠵᠤ᠂ ᠲᠣᠰ ᠵᠢᠯ ᠳᠤ 107 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠨᠢᠭᠡᠨᠲᠡ 65 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠪᠡ᠃ ᠣᠳᠣ ᠪᠣᠯᠬᠤ ᠳᠤ᠂ ᠨᠢᠭᠡᠨᠲᠡ ᠪᠦᠬᠦᠨ ᠢ ᠪᠠᠷᠢᠯᠭ᠎ᠠ ᠡᠬᠢᠯᠡᠭᠦᠯᠪᠡ᠃ ᠢᠯᠢ ᠶᠢᠨ | 5G ᠶᠢᠨ ᠪᠥᠬᠦ ᠠᠵᠤ ᠦᠢᠯᠡᠰ ᠤᠨ ᠬᠡᠯᠬᠢᠶᠡᠨ ᠤ ᠣᠶᠤᠨᠴᠢ ᠠᠮᠢ ᠠᠬᠤᠢ ᠶᠢᠨ ᠳᠡᠭᠡᠳᠦ ᠲᠠᠰ ᠤᠨ ᠪᠢᠰᠢᠯᠠᠭ ᠤᠨ | ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠥᠷᠥᠯ ᠵᠦᠢᠯ ᠨᠡᠶᠢᠲᠡ 20 ᠦᠢᠯᠡᠳᠪᠦᠷᠢᠯᠡᠯ ᠤᠨ ᠱᠤᠭᠤᠮ ᠲᠠᠢ︔ | ᠴᠡᠯᠡᠭᠡᠷ ᠲᠠᠯ᠎ᠠ ᠶᠢᠨ ᠠᠮᠢ ᠠᠬᠤᠢ ᠶᠢᠨ ᠣᠶᠤᠨᠲᠤ ᠮᠠᠯᠵᠢᠯ ᠤᠨ ᠲᠠᠯᠠᠪᠠᠢ ᠨᠢ 1.2 ᠲᠦᠮᠡᠨ ᠦᠨᠢᠶ᠎ᠡ ᠲᠡᠵᠢᠭᠡᠬᠦ ᠪᠠᠷ | ᠲᠥᠯᠥᠪᠵᠢᠭᠦᠯᠵᠦ᠂ ᠪᠦᠬᠦ ᠳᠡᠯᠡᠬᠡᠢ ᠶᠢᠨ ᠣᠶᠤᠨᠴᠢᠯᠠᠭᠰᠠᠨ ᠬᠡᠮᠵᠢᠶ᠎ᠡ ᠪᠠᠷ ᠬᠠᠮᠤᠭ ᠤᠨ ᠥᠨᠳᠥᠷ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠣᠭᠤᠷᠢᠨ ᠦᠵᠡᠬᠦ ᠮᠠᠯᠵᠢᠯ ᠤᠨ ᠲᠠᠯᠠᠪᠠᠢ ᠪᠣᠯᠣᠨ᠎ᠠ︔ ᠮᠧᠩ | ᠼᠣᠣ ᠶᠢᠨ ᠴᠠᠷᠭᠠᠰᠤ ᠶᠢᠨ ᠰᠠᠶᠢᠨ ᠡᠭᠦᠯᠳᠡᠷ ᠢ ᠪᠣᠶᠢᠵᠢᠭᠤᠯᠬᠤ ᠰᠠᠭᠤᠷᠢᠨ ᠭᠠᠵᠠᠷ ᠪᠣᠯ ᠥᠪᠡᠷᠲᠡᠭᠡᠨ ᠵᠠᠰᠠᠬᠤ | ᠣᠷᠣᠨ ᠤ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ | ᠵᠢᠱᠢᠶ᠎ᠡ ᠦᠵᠡᠭᠦᠯᠬᠦ ᠢᠨᠵᠧᠨᠧᠷᠢᠩ ᠤᠨ ︽ᠴᠢᠨᠠᠷ ᠰᠠᠶᠢᠲᠠᠢ ᠴᠠᠷᠭᠠᠰᠤ ᠶᠢᠨ ᠰᠢᠨ᠎ᠡ ᠡᠭᠦᠯᠳᠡᠷ ᠢ ᠰᠣᠩᠭᠤᠨ | ᠪᠣᠶᠢᠵᠢᠭᠤᠯᠬᠤ ᠵᠢᠴᠢ ᠠᠵᠤ ᠦᠢᠯᠡᠰᠵᠢᠭᠦᠯᠬᠦ ᠵᠢᠱᠢᠶ᠎ᠡ ᠦᠵᠡᠭᠦᠯᠬᠦ︾ ᠰᠠᠶᠢᠨ ᠡᠭᠦᠯᠳᠡᠷ ᠢ ᠪᠣᠶᠢᠵᠢᠭᠤᠯᠬᠤ ᠪᠠ | ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠣᠨ᠎ᠠ︔ ᠤᠯᠤᠰ ᠤᠨ ᠰᠦ ᠶᠢᠨ ᠦᠢᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ 8 ᠳ᠋ᠤᠭᠠᠷ ᠰᠠᠷ᠎ᠠ ᠳᠤ ᠠᠰᠢᠭᠯᠠᠯᠲᠠ ᠳᠤ ᠣᠷᠣᠭᠤᠯᠵᠤ᠂ ︽ᠳᠥᠷᠪᠡᠨ | ᠲᠥᠪ ᠭᠤᠷᠪᠠᠨ ᠲᠠᠪᠴᠠᠩ︾ ᠤᠨ ᠪᠦᠲᠦᠴᠡ ᠶᠢ ᠪᠠᠶᠢᠭᠤᠯᠵᠤ᠂ ᠴᠠᠭᠠᠨ ᠢᠳᠡᠭᠡᠨ ᠤ ᠠᠮᠤᠷ ᠲᠦᠪᠰᠢᠨ ᠪᠠ ᠶᠠᠰᠤ | ᠴᠢᠨᠠᠷ ᠤᠨ ᠰᠤᠳᠤᠯᠭᠠᠨ ᠤ ᠲᠥᠪ᠂ ᠰᠢᠮ᠎ᠡ ᠲᠡᠵᠢᠭᠡᠯ ᠪᠠ ᠡᠷᠡᠭᠦᠯ ᠮᠡᠨᠳᠦ ᠶᠢᠨ ᠰᠤᠳᠤᠯᠭᠠᠨ ᠤ ᠲᠥᠪ᠂ | ᠰᠠᠭᠠᠯᠢ ᠶᠢᠨ ᠦᠨᠢᠶ᠎ᠡ ᠦᠷᠡᠵᠢᠭᠦᠯᠦᠨ ᠪᠣᠶᠢᠵᠢᠭᠤᠯᠬᠤ ᠪᠠ ᠲᠡᠵᠢᠭᠡᠨ ᠦᠷᠡᠵᠢᠭᠦᠯᠬᠦ ᠮᠡᠷᠭᠡᠵᠢᠯ ᠤᠨ ᠰᠤᠳᠤᠯᠭᠠᠨ ᠤ | ᠲᠥᠪ᠂ ᠴᠠᠭᠠᠨ ᠢᠳᠡᠭᠡᠨ ᠤ ᠦᠢᠯᠡᠳᠪᠦᠷᠢᠯᠡᠯ ᠤᠨ ᠮᠡᠷᠭᠡᠵᠢᠯ ᠪᠠ ᠲᠣᠨᠤᠭ ᠲᠥᠬᠦᠭᠡᠷᠦᠮᠵᠢ ᠶᠢᠨ ᠰᠤᠳᠤᠯᠭᠠᠨ ᠤ | ᠲᠥᠪ ᠵᠡᠷᠭᠡ ᠶᠢ ᠲᠣᠬᠢᠷᠠᠭᠤᠯᠪᠠ︔ ᠰᠦ ᠶᠢᠨ ᠦᠢᠯᠡᠰ ᠤᠨ ᠪᠠᠷᠢᠮᠵᠢᠶ᠎ᠠ ᠦᠢᠯᠡᠴᠢᠯᠡᠭᠡᠨ ᠤ ᠲᠠᠪᠴᠠᠩ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠲᠠᠪᠴᠠᠩ᠂ ᠨᠡᠪᠴᠢᠭᠦᠯᠬᠦ | ᠲᠠᠪᠴᠠᠩ ᠤᠨ ᠯᠠᠩ ᠺᠦᠨ ᠤ ᠲᠡᠮᠦᠷᠯᠢᠭ ᠨᠠᠲᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠠᠭᠤᠯᠭ᠎ᠠ ᠨᠢ ᠵᠢᠯ ᠳᠤ 3.5 ᠲᠦᠮᠡᠨ ᠲᠣᠨ ᠲᠡᠮᠦᠷᠯᠢᠭ ᠨᠠᠲᠷᠢ᠂ 5.4 ᠲᠦᠮᠡᠨ ᠲᠣᠨ ᠰᠢᠩᠭᠡᠨ ᠾᠯᠣᠷ | ᠦᠢᠯᠡᠳᠪᠦᠷᠢᠯᠡᠨ᠎ᠡ︔ ᠥᠪᠥᠷ ᠮᠣᠩᠭᠤᠯ ᠤᠨ ᠢ ᠳ᠋ᠦᠸᠧ ᠯᠢ ᠶᠢᠨ 2 ᠲᠦᠮᠡᠨ ᠲᠣᠨ ᠤ ᠠᠮᠢᠳᠤ ᠪᠣᠳᠠᠰ ᠤᠨ | ᠢᠰᠬᠡᠭᠦᠷ ᠤᠨ ᠦᠢᠯᠡᠳᠬᠡᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠠᠵᠤ ᠦᠢᠯᠡᠰᠵᠢᠭᠦᠯᠬᠦ ᠲᠦᠷᠦᠯ | ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ | ᠦᠢᠯᠡᠳᠬᠦᠨ ᠤ ᠦᠷᠳᠡᠭ 3.5 ᠳ᠋ᠦᠩᠰᠢᠭᠤᠷ ᠲᠥᠭᠦᠷᠢᠭ ᠬᠦᠷᠦᠨ᠎ᠡ᠃ | ᠮᠠᠨ ᠤ ᠬᠤᠲᠠ ᠨᠢᠭᠡᠨᠲᠡ ᠪᠦᠬᠦ ᠤᠯᠤᠰ ᠤᠨ ᠬᠠᠮᠤᠭ ᠤᠨ ᠲᠣᠮᠣ ᠰᠦ ᠶᠢᠨ ᠢᠷᠡᠯᠲᠡ ᠶᠢᠨ ᠰᠠᠭᠤᠷᠢᠨ | ᠭᠠᠵᠠᠷ᠂ ᠬᠦᠢᠰᠦ ᠶᠢ ᠡᠵᠡᠮᠳᠡᠭᠰᠡᠨ ᠢᠴᠡᠭᠡᠯ ᠦᠷ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠵᠤ᠂ | ᠤᠯᠤᠰ ᠤᠨ ᠳᠣᠲᠣᠭᠠᠳᠤ ᠶᠢᠨ ᠴᠣᠷ ᠤᠨ ᠭᠠᠭᠴᠠ ᠤᠯᠤᠰ ᠤᠨ ᠰᠦ ᠶᠢᠨ ᠦᠢᠯᠡᠰ ᠤᠨ ᠰᠢᠨ᠎ᠡ ᠶᠢ ᠡᠭᠦᠳᠬᠦ | ᠲᠥᠪ ᠲᠤ ᠳᠡᠭᠡᠳᠦ ᠳᠣᠣᠷᠠᠳᠤ ᠤᠷᠤᠰᠬᠠᠯ ᠤᠨ 360 ᠭᠠᠷᠤᠢ ᠠᠵᠤ ᠠᠬᠤᠶᠢᠯᠠᠯ ᠲᠥᠪᠯᠡᠷᠡᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 56 ᠪᠠᠶᠢᠵᠤ᠂ ᠪᠥᠬᠦ ᠤᠯᠤᠰ ᠤᠨ | 50% ᠶᠢᠨ ᠰᠦ ᠶᠢᠨ ᠦᠢᠯᠡᠰ ᠤᠨ ᠦᠢᠯᠡᠳᠪᠦᠷᠢᠯᠡᠬᠦ ᠴᠢᠳᠠᠪᠤᠷᠢ ᠶᠢ ᠬᠤᠷᠠᠮᠳᠤᠭᠤᠯᠤᠨ᠂ ᠡᠳᠦᠷ ᠲᠤ 5400 | ᠲᠣᠨ ᠰᠦ ᠰᠢᠢᠳᠪᠦᠷᠢᠯᠡᠵᠦ᠂ ᠴᠠᠭᠠᠨ ᠢᠳᠡᠭᠡᠨ ᠤ ᠠᠵᠤ ᠦᠢᠯᠡᠰ ᠤᠨ ᠪᠥᠭᠡᠮᠨᠡᠷᠡᠯ ᠤᠯᠤᠰ ᠤᠨ ᠲᠡᠷᠢᠭᠦᠨ ᠤ | ᠦᠢᠯᠡᠳᠬᠦ ᠦᠢᠯᠡᠰ ᠤᠨ ᠪᠥᠭᠡᠮᠨᠡᠷᠡᠯ ᠳᠤ ᠠᠮᠵᠢᠯᠲᠠ ᠲᠠᠢ ᠪᠠᠷ ᠰᠣᠩᠭᠤᠭᠳᠠᠨ ᠣᠷᠣᠵᠤ᠂ ᠰᠦ ᠶᠢᠨ ᠦᠢᠯᠡᠰ ᠤᠨ | ᠠᠵᠤ ᠦᠢᠯᠡᠰ ᠤᠨ ᠬᠡᠯᠬᠢᠶᠡᠨ ᠤ ᠪᠣᠷᠣᠯᠠᠭᠤᠯᠤᠯᠲᠠ ᠶᠢᠨ ᠣᠷᠣᠯᠭ᠎ᠠ 2200 ᠳ᠋ᠦᠩᠰᠢᠭᠤᠷ ᠲᠥᠭᠦᠷᠢᠭ ᠬᠦᠷᠴᠡᠢ᠃ | ᠶᠡᠷᠦᠩᠬᠡᠢ ᠪᠡᠯᠡ ᠣᠷᠣᠭᠤᠯᠤᠯᠲᠠ ᠨᠢ 540 ᠳ᠋ᠦᠩᠰᠢᠭᠤᠷ ᠲᠥᠭᠦᠷᠢᠭ ᠬᠦᠷᠦᠭᠰᠡᠨ ᠢᠯᠢ ᠶᠢᠨ ᠡᠷᠡᠭᠦᠯ ᠮᠡᠨᠳᠦ ᠶᠢᠨ | ᠬᠥᠨᠳᠡᠢ᠂ ᠶᠡᠷᠦᠩᠬᠡᠢ ᠪᠡᠯᠡ ᠣᠷᠣᠭᠤᠯᠤᠯᠲᠠ ᠨᠢ 160 ᠳ᠋ᠦᠩᠰᠢᠭᠤᠷ ᠲᠥᠭᠦᠷᠢᠭ ᠬᠦᠷᠦᠭᠰᠡᠨ ᠮᠧᠩ ᠨᠢᠦ ᠶᠢᠨ | ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠲᠥᠪᠯᠡᠷᠡᠭᠰᠡᠨ | ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠴᠢᠬᠤᠯᠠ ᠬᠥᠳᠡᠯᠭᠡᠭᠦᠷ᠂ ᠪᠠᠷᠠᠭᠤᠨ ᠪᠡᠶ᠎ᠡ ᠶᠢᠨ | ᠦᠢᠯᠡᠳᠪᠦᠷᠢᠯᠡᠯ ᠬᠤᠳᠠ ᠠᠭᠤᠰᠤᠯᠴᠠᠭᠰᠠᠨ ᠬᠡᠰᠡᠭ ᠪᠠ ᠡᠮᠦᠨ᠎ᠡ ᠪᠡᠶ᠎ᠡ ᠶᠢᠨ ᠬᠤᠳᠠ ᠶᠢᠨ ᠳᠡᠳ᠋ ᠲᠥᠪ ᠤᠨ ᠪᠡᠯᠭᠡ | ᠲᠡᠮᠳᠡᠭ ᠤᠨ ᠴᠢᠨᠠᠷᠲᠠᠢ ᠢᠨᠵᠧᠨᠧᠷᠢᠩ ᠪᠣᠯᠪᠠ᠃ |