| | | 9 ᠳ᠋ᠦ᠋ᠭᠡᠷ ᠰᠠᠷ᠎ᠠ ᠶᠢᠨ 27 ᠤ ᠡᠳᠦᠷ᠂ ᠴᠡᠯᠡᠭᠡᠷ ᠲᠠᠯ᠎ᠠ ᠶᠢᠨ ᠨᠡᠷᠡᠨ ᠲᠠᠯᠠᠪᠠᠢ ᠶᠢᠨ ᠵᠡᠭᠦᠨ ᠲᠠᠯ᠎ᠠ ᠳᠤ᠂ ︽ | ᠪᠠᠶᠠᠰᠬᠤᠯᠠᠩᠲᠤ ᠴᠡᠯᠡᠭᠡᠷ ᠲᠠᠯ᠎ᠠ︾ ᠣᠷᠴᠢᠨ ᠲᠣᠭᠤᠷᠢᠨ ᠤ ᠳᠠᠭᠤᠤ ᠪᠥᠵᠢᠭ ᠤᠨ ᠲᠣᠭᠯᠠᠯᠲᠠ ᠶᠠᠭ ᠰᠠᠶᠢᠬᠠᠨ | ᠪᠠᠴᠢᠮ ᠶᠠᠭᠠᠷᠠᠯᠲᠠᠢ ᠪᠡᠯᠡᠳᠬᠡᠯ ᠲᠣᠭᠯᠠᠯᠲᠠ ᠬᠢᠵᠦ᠂ ᠲᠤᠬᠠᠢ ᠶᠢᠨ ᠲᠠᠯᠠᠪᠠᠢ ᠳᠤ ᠳᠠᠭᠤᠤ ᠪᠥᠵᠢᠭ ᠤᠨ ᠭᠦᠭ | ᠠᠶᠠᠯᠭᠤ ᠬᠠᠯᠬᠢᠯᠠᠨ᠂ ᠬᠥᠬᠡ ᠲᠡᠭᠷᠢ ᠨᠣᠭᠤᠭᠠᠨ ᠲᠠᠯ᠎ᠠ ᠨᠢ ᠤᠷᠠᠯᠢᠭ ᠤᠨ ᠭᠤᠸ᠎ᠠ ᠰᠠᠶᠢᠬᠠᠨ ᠢ ᠨᠡᠩ ᠲᠣᠳᠣᠷᠠᠭᠤᠯᠵᠤ | ᠂ ᠴᠥᠭᠡᠨ ᠪᠤᠰᠤ ᠵᠢᠭᠤᠯᠴᠢᠯᠠᠭᠰᠠᠳ ᠤᠨ ᠠᠩᠬᠠᠷᠤᠯ ᠢ ᠲᠠᠲᠠᠪᠠ᠃ | ᠮᠣᠩᠭᠤᠯ ᠭᠡᠷ᠂ ᠦᠬᠡᠷ ᠲᠡᠷᠭᠡ᠂ ᠦᠬᠡᠷ ᠬᠤᠨᠢ ᠠᠳᠤᠭᠤᠨ ᠰᠦᠷᠦᠭ ᠁ ᠲᠠᠯ᠎ᠠ ᠨᠤᠲᠤᠭ ᠤᠨ | ᠬᠥᠪᠡᠭᠦᠳ ᠥᠬᠢᠳ ᠤᠨ ᠡᠳᠦᠷ ᠲᠤᠲᠤᠮ ᠤᠨ ᠠᠮᠢᠳᠤᠷᠠᠯ ᠤᠨ ᠵᠤᠭ᠎ᠠ ᠴᠡᠩᠭᠡᠯ ᠤᠨ ᠠᠬᠤᠢ ᠦᠵᠡᠭᠳᠡᠯ ᠳᠤᠮᠳᠠ᠂ | ᠬᠥᠬᠡᠬᠤᠲᠠ ᠶᠢᠨ ᠤᠯᠠᠭᠠᠨᠮᠥ᠋ᠴᠢᠷ ᠤᠨ ᠲᠣᠭᠯᠠᠭᠴᠢᠳ ᠦᠨᠳᠦᠰᠦᠲᠡᠨ ᠤ ᠤᠯᠠᠮᠵᠢᠯᠠᠯᠲᠤ ᠬᠤᠪᠴᠠᠰᠤ ᠵᠠᠰᠠᠯ ᠢᠶᠠᠨ | ᠡᠮᠦᠰᠴᠦ᠂ ᠳᠠᠭᠤᠤ ᠪᠥᠵᠢᠭ ᠤᠨ ᠲᠣᠭᠯᠠᠯᠲᠠ ᠪᠠᠷ ᠲᠠᠯ᠎ᠠ ᠨᠤᠲᠤᠭ ᠤᠨ ᠬᠥᠪᠡᠭᠦᠳ ᠥᠬᠢᠳ ᠤᠨ ᠡᠳᠦᠷ | ᠲᠤᠳᠤᠮ ᠤᠨ ᠵᠤᠭ᠎ᠠ ᠴᠡᠩᠭᠡᠯ ᠰᠣᠶᠣᠯ ᠤᠨ ᠠᠮᠢᠳᠤᠷᠠᠯ ᠢ ᠳᠡᠯᠭᠡᠨ ᠦᠵᠡᠭᠦᠯᠵᠦ᠂ ᠴᠡᠯᠡᠭᠡᠷ ᠲᠠᠯ᠎ᠠ ᠶᠢᠨ ᠬᠦᠷ | ᠬᠥᠭᠵᠢᠶᠡᠨᠲᠦ ᠠᠭᠤᠷ ᠠᠮᠢᠰᠬᠤᠯ ᠢ ᠪᠤᠢ ᠪᠣᠯᠭᠠᠵᠤ᠂ ᠬᠥᠬᠡᠬᠤᠲᠠ ᠶᠢᠨ ᠭᠦᠨ ᠵᠤᠵᠠᠭᠠᠨ ᠰᠣᠶᠣᠯ ᠤᠨ ᠠᠭᠤᠯᠬᠤᠨ | ᠪᠠ ᠴᠤᠭ ᠵᠢᠪᠬᠤᠭ᠎ᠠ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠡᠢ᠃ | ᠲᠠᠨᠢᠯᠴᠠᠭᠤᠯᠤᠭᠰᠠᠨ ᠢᠶᠠᠷ᠂ ︽ᠪᠠᠶᠠᠰᠬᠤᠯᠠᠩᠲᠤ ᠴᠡᠯᠡᠭᠡᠷ ᠲᠠᠯ᠎ᠠ︾ ᠣᠷᠴᠢᠨ ᠲᠣᠭᠤᠷᠢᠨ ᠤ ᠳᠠᠭᠤᠤ | ᠪᠥᠵᠢᠭ ᠤᠨ ᠲᠣᠭᠯᠠᠯᠲᠠ ᠶᠢ 9 ᠳ᠋ᠦ᠋ᠭᠡᠷ ᠰᠠᠷ᠎ᠠ ᠶᠢᠨ 29 ᠤ ᠡᠳᠦᠷ ᠠᠴᠠ 10 ᠳ᠋ᠤᠭᠠᠷ ᠰᠠᠷ᠎ᠠ ᠶᠢᠨ 5 ᠤ ᠡᠳᠦᠷ | ᠪᠣᠯᠲᠠᠯ᠎ᠠ ᠵᠢᠩᠬᠢᠨᠢ ᠪᠠᠷ ᠲᠣᠭᠯᠠᠬᠤ ᠪᠣᠯᠣᠨ᠎ᠠ᠃ ᠰᠤᠷᠪᠤᠯᠵᠢᠯᠠᠭᠴᠢ ᠮᠢᠶᠣᠣ ᠴᠢᠩ ᠰᠡᠭᠦᠳᠡᠷᠯᠡᠪᠡ |