︵ᠰᠤᠷᠪᠤᠯᠵᠢᠯᠠᠭᠴᠢ ᠶᠦᠨ ᠶᠠᠨ ᠹᠠᠩ︶ 2023 ᠣᠨ ᠳᠤ᠂ ᠮᠠᠨ ᠤ ᠬᠤᠲᠠ ᠤᠯᠤᠰ᠂ ᠥᠪᠡᠷᠲᠡᠭᠡᠨ | ᠵᠠᠰᠠᠬᠤ ᠣᠷᠣᠨ ᠤ ᠠᠮᠤ ᠪᠤᠳᠠᠭ᠎ᠠ ᠶᠢ ᠠᠷᠪᠢᠯᠠᠬᠤ ᠪᠠ ᠢᠳᠡᠭᠡᠨ ᠪᠦᠷᠢᠯᠭᠡᠬᠦ ᠶᠢ ᠡᠰᠡᠷᠭᠦᠴᠡᠬᠦ ᠠᠵᠢᠯ ᠤᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠤ | ᠪᠤᠳᠠᠭ᠎ᠠ ᠶᠢ ᠠᠷᠪᠢᠯᠠᠬᠤ ᠪᠠ ᠢᠳᠡᠭᠡᠨ ᠪᠦᠷᠢᠯᠭᠡᠬᠦ ᠶᠢ ᠡᠰᠡᠷᠭᠦᠴᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠦᠭᠡᠳ | ᠢᠳᠡᠪᠬᠢᠲᠡᠢ ᠦᠷ᠎ᠡ ᠪᠦᠲᠦᠮᠵᠢ ᠣᠯᠪᠠ᠃ | ᠠᠵᠢᠯ ᠤᠨ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠪᠠ᠃ ᠠᠮᠤ ᠪᠤᠳᠠᠭ᠎ᠠ ᠠᠷᠪᠢᠯᠠᠬᠤ ᠪᠠ ᠢᠳᠡᠭᠡᠨ | ᠪᠦᠷᠢᠯᠭᠡᠬᠦ ᠶᠢ ᠡᠰᠡᠷᠭᠦᠴᠡᠬᠦ ᠲᠤᠰᠬᠠᠢ ᠵᠦᠢᠯ ᠤᠨ ᠠᠵᠢᠯ ᠤᠨ ᠲᠣᠭᠲᠠᠴᠠ ᠶᠢ ᠪᠠᠶᠢᠭᠤᠯᠤᠨ᠂ ︽ᠬᠥᠬᠡᠬᠤᠲᠠ ᠶᠢᠨ | ᠠᠮᠤ ᠪᠤᠳᠠᠭ᠎ᠠ ᠠᠷᠪᠢᠯᠠᠬᠤ ᠪᠠ ᠢᠳᠡᠭᠡᠨ ᠪᠦᠷᠢᠯᠭᠡᠬᠦ ᠶᠢ ᠡᠰᠡᠷᠭᠦᠴᠡᠬᠦ ᠲᠤᠰᠬᠠᠢ ᠵᠦᠢᠯ ᠤᠨ ᠠᠵᠢᠯ ᠤᠨ | ᠲᠣᠭᠲᠠᠴᠠ ᠶᠢᠨ ᠲᠥᠰᠥᠯ︾ ︽ᠬᠥᠬᠡᠬᠤᠲᠠ ᠶᠢᠨ ᠪᠠᠶᠢᠭᠤᠯᠭ᠎ᠠ ᠶᠢᠨ ᠬᠤᠭᠤᠯᠠᠨ ᠭᠡᠷ ᠤᠨ ᠢᠳᠡᠭᠡᠨ ᠪᠦᠷᠢᠯᠭᠡᠬᠦ ᠶᠢ | ᠡᠰᠡᠷᠭᠦᠴᠡᠬᠦ ᠬᠠᠮᠢᠶᠠᠷᠤᠯᠲᠠ ᠶᠢᠨ ᠳᠦᠷᠢᠮ︾ ᠢ ᠲᠣᠭᠲᠠᠭᠠᠵᠤ᠂ ︽ᠰᠦᠯᠵᠢᠶᠡᠨ ᠤ ᠢᠳᠡᠭᠡᠨ ᠤᠮᠳᠠᠭᠠᠨ ᠤ | ᠲᠠᠪᠴᠠᠩ ᠤᠨ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠵᠠᠬᠢᠶᠠᠯᠠᠭ᠎ᠠ ᠶᠢᠨ | ᠬᠤᠭᠤᠯᠠᠨ ᠤ ᠢᠳᠡᠭᠡᠨ ᠢ ᠪᠦᠷᠢᠯᠭᠡᠬᠦ ᠶᠢ ᠪᠦᠲᠦᠮᠵᠢᠲᠡᠶ ᠰᠡᠷᠭᠡᠶᠢᠯᠡᠬᠦ ᠵᠠᠰᠠᠭ ᠵᠠᠬᠢᠷᠭᠠᠨ ᠤ ᠵᠢᠯᠤᠭᠤᠳᠬᠤ ᠪᠢᠴᠢᠭ︾ ᠢ | ᠲᠠᠷᠬᠠᠭᠠᠪᠠ᠃ | ᠢᠳᠡᠭᠡᠨ ᠢ ᠪᠦᠷᠢᠯᠭᠡᠬᠦ ᠶᠢ ᠡᠰᠡᠷᠭᠦᠴᠡᠬᠦ ᠳᠤ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠪᠠ᠃ ᠢᠳᠡᠭᠡᠨ ᠤ | ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠠᠵᠢᠯ ᠲᠠᠢ ᠤᠶᠠᠯᠳᠤᠭᠤᠯᠵᠤ᠂ | 2023 ᠣᠨ ᠳᠤ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠶᠢ 8611 ᠤᠳᠠᠭ᠎ᠠ ᠪᠠᠶᠢᠴᠠᠭᠠᠪᠠ᠂ | ᠡᠭᠦᠨ ᠳᠤ ︽ᠬᠤᠭᠤᠯᠠᠨ ᠭᠡᠷ ᠢ ᠲᠣᠬᠢᠶᠠᠯᠳᠤᠯ ᠢᠶᠠᠷ ᠪᠠᠶᠢᠴᠠᠭᠠᠬᠤ︾ ᠠᠵᠢᠯᠯᠠᠭ᠎ᠠ ᠶᠢ 2165 ᠤᠳᠠᠭ᠎ᠠ ᠵᠣᠬᠢᠶᠠᠨ | ᠪᠠᠶᠢᠭᠤᠯᠤᠨ ᠥᠷᠨᠢᠭᠦᠯᠵᠦ᠂ 25 ᠠᠰᠠᠭᠤᠳᠠᠯ ᠢ ᠢᠯᠡᠷᠡᠭᠦᠯᠦᠭᠰᠡᠨ ᠪᠥᠭᠡᠳ ᠪᠦᠬᠦᠨ ᠢ ᠴᠡᠭᠴᠡᠯᠡᠨ ᠰᠠᠶᠢᠵᠢᠷᠠᠭᠤᠯᠪᠠ᠃ | | ᠲᠠᠷᠢᠶᠠᠯᠠᠩ ᠤᠨ ᠦᠢᠯᠡᠳᠪᠦᠷᠢᠯᠡᠯ ᠳᠤ ᠠᠷᠪᠢᠯᠠᠨ ᠭᠠᠮᠨᠠᠵᠤ ᠬᠤᠬᠢᠷᠠᠯ ᠢ ᠪᠠᠭᠠᠰᠬᠠᠬᠤ ᠶᠢ ᠴᠢᠩᠭᠠᠳᠬᠠᠪᠠ᠃ | ᠮᠠᠰᠢᠨ ᠢᠶᠠᠷ ᠬᠠᠭᠠᠯᠪᠤᠷᠢᠯᠠᠬᠤ ᠲᠠᠯᠠᠪᠠᠶ ᠶᠢ 643.14 ᠲᠦᠮᠡᠨ ᠮᠦ᠂ ᠮᠠᠰᠢᠨ ᠢᠶᠠᠷ ᠳᠠᠷᠢᠬᠤ ᠲᠠᠯᠠᠪᠠᠶ ᠶᠢ 615. | 07 ᠲᠦᠮᠡᠨ ᠮᠦ ᠬᠦᠷᠭᠡᠪᠡ᠃ ᠭᠤᠣᠯᠳᠠᠯᠭ᠎ᠠ ᠲᠠᠢ ᠲᠠᠷᠢᠮᠠᠯ ᠤᠨ ᠦᠢᠯᠡᠳᠪᠦᠷᠢᠯᠡᠯ ᠤᠨ ᠪᠦᠬᠦ ᠶᠠᠪᠤᠴᠠ ᠶᠢᠨ | ᠮᠠᠰᠢᠨᠴᠢᠯᠠᠯᠲᠠ ᠶᠢᠨ ᠵᠢᠱᠢᠶ᠎ᠡ ᠦᠵᠡᠭᠦᠯᠬᠦ ᠰᠢᠶᠠᠨ ᠬᠤᠶᠠᠷ ᠢ ᠡᠭᠦᠳᠦᠨ ᠪᠠᠶᠢᠭᠤᠯᠪᠠ᠃ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠰᠢᠰᠲ᠋ᠧᠮᠵᠢ ᠶᠢ ᠪᠠᠶᠢᠭᠤᠯᠵᠤ᠂ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ | ᠲᠤᠰᠬᠠᠶᠢᠵᠢᠭᠤᠯᠤᠨ ᠨᠢᠭᠡᠳᠦᠯᠲᠡᠢ ᠰᠡᠷᠭᠡᠶᠢᠯᠡᠨ ᠨᠢᠭᠡᠳᠦᠯᠲᠡᠢ ᠵᠠᠰᠠᠬᠤ ᠶᠢ 320 ᠲᠦᠮᠡᠨ ᠮᠦ ᠨᠠᠶᠢᠳᠠᠪᠤᠷᠢᠵᠢᠭᠤᠯᠵᠤ᠂ | 322 ᠲᠦᠮᠡᠨ ᠮᠦ ᠶᠢ ᠪᠣᠬᠢᠷᠲᠤᠯ ᠦᠭᠡᠢ ᠪᠠᠷ ᠰᠡᠷᠭᠡᠶᠢᠯᠡᠨ ᠡᠵᠡᠮᠳᠡᠪᠡ᠃ ᠪᠣᠬᠢᠷᠲᠤᠯ ᠦᠭᠡᠢ ᠰᠡᠷᠭᠡᠶᠢᠯᠡᠨ | ᠡᠵᠡᠮᠳᠡᠬᠦ ᠵᠢᠱᠢᠶ᠎ᠡ ᠦᠵᠡᠭᠦᠯᠬᠦ ᠣᠷᠣᠨ ᠢ 6 ᠪᠠᠶᠢᠭᠤᠯᠵᠤ᠂ ᠵᠢᠱᠢᠶ᠎ᠡ ᠦᠵᠡᠭᠦᠯᠬᠦ ᠣᠷᠣᠨ ᠤ ᠪᠣᠬᠢᠷᠲᠤᠯ ᠦᠭᠡᠢ | ᠰᠡᠷᠭᠡᠶᠢᠯᠡᠨ ᠡᠵᠡᠮᠳᠡᠬᠦ ᠮᠡᠷᠭᠡᠵᠢᠯ ᠤᠨ ᠪᠣᠳᠠᠲᠠᠶᠢᠵᠢᠭᠰᠠᠨ ᠨᠣᠷᠮ᠎ᠠ ᠶᠢ 90% ᠠᠴᠠ ᠳᠡᠭᠡᠭᠰᠢ ᠬᠦᠷᠭᠡᠵᠦ᠂ | ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ 85% ᠠᠴᠠ ᠳᠡᠭᠡᠭᠰᠢ ᠳᠤ ᠬᠦᠷᠭᠡᠵᠦ᠂ ᠬᠢᠮᠢ ᠶᠢᠨ ᠲᠠᠷᠢᠶᠠᠨ ᠡᠮ | ᠬᠡᠷᠡᠭᠯᠡᠬᠦ ᠬᠡᠮᠵᠢᠶ᠎ᠡ ᠶᠢ 30% ᠠᠴᠠ ᠳᠡᠭᠡᠭᠰᠢ ᠪᠠᠭᠠᠰᠬᠠᠪᠠ᠃ | ᠠᠮᠤ ᠪᠤᠳᠠᠭ᠎ᠠ ᠬᠠᠳᠠᠭᠠᠯᠠᠬᠤ ᠵᠠᠩᠭᠢᠯᠠᠭ᠎ᠠ ᠶᠢᠨ ᠬᠤᠬᠢᠷᠠᠯ ᠢ ᠪᠠᠭᠠᠰᠬᠠᠬᠤ ᠶᠢ ᠴᠢᠩᠭᠠᠳᠬᠠᠪᠠ᠃ ᠴᠢᠨᠠᠷ | ᠰᠠᠶᠢᠲᠠᠢ ᠠᠮᠤ ᠪᠤᠳᠠᠭᠠᠨ ᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠪᠣᠬᠢᠷᠲᠤᠯ ᠦᠭᠡᠢ ᠬᠥᠮᠥᠷᠭᠡᠯᠡᠨ | ᠬᠠᠳᠠᠭᠠᠯᠠᠬᠤ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠪᠦᠲᠦᠭᠡᠨ ᠪᠠᠶᠢᠭᠤᠯᠤᠯᠲᠠ ᠶᠢᠨ 1 ᠲᠥᠷᠥᠯ ᠵᠦᠢᠯ ᠢ | ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ 340 ᠲᠦᠮᠡᠨ ᠲᠥᠭᠦᠷᠢᠭ ᠤᠨ | ᠨᠥᠬᠦᠪᠦᠷᠢ ᠪᠡᠯᠡ ᠮᠥᠩᠭᠦ ᠶᠢ ᠣᠯᠪᠠ᠃ ᠠᠮᠤ ᠪᠤᠳᠠᠭᠠᠨ ᠤ ᠦᠢᠯᠡᠳᠪᠦᠷᠢᠯᠡᠯ ᠤᠨ ᠳᠠᠷᠠᠭᠠᠬᠢ ᠦᠢᠯᠡᠴᠢᠯᠡᠭᠡᠨ ᠤ | ᠲᠥᠪ ᠤᠨ ᠴᠢᠳᠠᠮᠵᠢ ᠶᠢ ᠦᠷᠭᠦᠯᠵᠢᠯᠡᠨ ᠪᠠᠳᠠᠷᠠᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠳᠠᠷᠠᠭᠠᠬᠢ | ᠦᠢᠯᠡᠴᠢᠯᠡᠭᠡᠨ ᠤ ᠲᠥᠪ ᠢ 35 ᠪᠠᠶᠢᠭᠤᠯᠵᠤ᠂ 5 ᠬᠤᠰᠢᠭᠤ ᠰᠢᠶᠠᠨ ᠤ 55528 ᠡᠷᠦᠬᠡ ᠳᠤ ᠦᠢᠯᠡᠴᠢᠯᠡᠪᠡ᠃ | ᠠᠮᠤ ᠪᠤᠳᠠᠭ᠎ᠠ ᠲᠡᠭᠡᠭᠡᠪᠦᠷᠢᠯᠡᠬᠦ ᠵᠠᠩᠭᠢᠯᠠᠭ᠎ᠠ ᠶᠢᠨ ᠬᠤᠬᠢᠷᠠᠯ ᠢ ᠪᠠᠭᠠᠰᠬᠠᠬᠤ ᠠᠵᠢᠯ ᠢ ᠴᠢᠩᠭᠠᠳᠬᠠᠪᠠ᠃ | ᠥᠪᠡᠷᠲᠡᠭᠡᠨ ᠵᠠᠰᠠᠬᠤ ᠣᠷᠣᠨ ᠤ ᠲᠠᠰ ᠤᠨ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ 6 ᠵᠢᠱᠢᠶ᠎ᠡ | ᠦᠵᠡᠭᠦᠯᠬᠦ ᠰᠢᠶᠠᠨ ︵ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ᠂ ᠴᠢᠩ ᠱᠦᠢ ᠾᠧ | ᠰᠢᠶᠠᠨ᠂ ᠰᠢᠨ᠎ᠡ ᠬᠤᠲᠠ ᠲᠣᠭᠤᠷᠢᠭ᠂ ᠰᠠᠶᠢᠬᠠᠨ ᠲᠣᠭᠤᠷᠢᠭ︶ ᠢ ᠡᠭᠦᠳᠦᠨ ᠪᠠᠶᠢᠭᠤᠯᠵᠤ᠂ ᠠᠵᠤ ᠦᠢᠯᠡᠰ ᠤᠨ ᠵᠠᠮ | ᠂ ᠮᠠᠯᠵᠢᠯ ᠤᠨ ᠲᠠᠯᠠᠪᠠᠶ ᠳᠤ ᠬᠦᠷᠬᠦ ᠵᠠᠮ᠂ ᠰᠦᠯᠵᠢᠶᠡᠨ ᠵᠠᠮ᠂ ᠨᠡᠯᠢᠶᠡᠳ ᠣᠯᠠᠨ ᠬᠥᠮᠥᠨ ᠠᠮᠠ ᠲᠠᠢ ᠪᠠᠶᠢᠭᠠᠯᠢ ᠶᠢᠨ | ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠵᠢᠴᠢ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ | ᠵᠡᠷᠭᠡ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ 51 ᠲᠥᠷᠥᠯ ᠵᠦᠢᠯ ᠢ | ᠬᠡᠷᠡᠭᠵᠢᠭᠦᠯᠵᠦ᠂ 26 ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠵᠤ᠂ 136 ᠭᠠᠵᠠᠷ ᠤᠨ | ᠣᠷᠳᠣ ᠶᠢ ᠳᠠᠭᠤᠰᠬᠠᠵᠤ᠂ 2.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ | ᠢᠳᠡᠭᠡᠨ ᠤᠮᠳᠠᠭᠠᠨ ᠤ ᠬᠡᠷᠡᠭᠯᠡᠭᠡᠨ ᠤ ᠵᠠᠩᠭᠢᠯᠠᠭ᠎ᠠ ᠶᠢᠨ ᠪᠦᠷᠢᠯᠭᠡᠬᠦ ᠶᠢ ᠬᠤᠷᠢᠭᠯᠠᠪᠠ᠃ ︽ᠬᠥᠬᠡᠬᠤᠲᠠ ᠶᠢᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠤᠮᠳᠠᠭᠠᠨ ᠤ ᠭᠤᠭᠴᠣᠭᠠᠨ ᠳᠠᠬᠢ | ᠪᠦᠷᠢᠯᠭᠡᠨ ᠰᠦᠢᠳᠬᠡᠬᠦ ᠦᠶᠯᠡ ᠠᠵᠢᠯᠯᠠᠭ᠎ᠠ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠬᠤ ᠠᠵᠢᠯ ᠤᠨ ᠲᠥᠰᠥᠯ︾ | ᠢ ᠳᠠᠷᠤᠮᠠᠯᠯᠠᠨ ᠲᠠᠷᠬᠠᠭᠠᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠡᠵᠡᠩᠨᠡᠭᠴᠢ ᠶᠢᠨ 6566 ᠡᠷᠦᠬᠡ | ᠤᠳᠠᠭ᠎ᠠ ᠶᠢᠨ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠵᠢᠯᠣᠭᠤᠳᠴᠤ ᠲᠦᠯᠬᠢᠨ ᠠᠬᠢᠭᠤᠯᠪᠠ᠃ | ᠬᠤᠲᠠ ᠶᠢᠨ ᠰᠢᠭᠤᠳ ᠬᠠᠷᠢᠶ᠎ᠠ 9 ᠨᠢᠭᠡᠴᠢ ᠵᠢᠴᠢ ᠬᠤᠲᠠ ᠶᠢᠨ ᠳᠥᠷᠪᠡᠨ ᠲᠣᠭᠤᠷᠢᠭ ᠤᠨ ᠨᠠᠮ ᠵᠠᠰᠠᠭ ᠤᠨ ᠠᠯᠪᠠᠨ | ᠲᠣᠭᠤᠷᠢᠭ ᠤᠨ ᠪᠠᠶᠢᠭᠤᠯᠭ᠎ᠠ ᠶᠢᠨ ᠬᠤᠭᠤᠯᠠᠨ ᠭᠡᠷ ᠢ ᠰᠣᠩᠭᠤᠨ ᠢᠳᠡᠭᠡᠨ ᠤ ᠵᠦᠢᠯ ᠢ ᠪᠦᠷᠢᠯᠭᠡᠨ ᠰᠦᠢᠳᠬᠡᠬᠦ ᠶᠢ | ᠡᠰᠡᠷᠭᠦᠴᠡᠭᠰᠡᠨ ᠦᠷ᠎ᠡ ᠪᠦᠲᠦᠮᠵᠢ ᠶᠢᠨ ᠦᠨᠡᠯᠡᠨ ᠵᠢᠱᠢᠪᠡ᠃ ᠪᠥᠬᠦ ᠬᠤᠲᠠ ᠶᠢᠨ 95% ᠶᠢᠨ ᠥᠪᠡᠷ ᠲᠡᠭᠡᠨ | ᠦᠢᠯᠡᠴᠢᠯᠡᠬᠦ ᠬᠤᠭᠤᠯᠠᠨ ᠭᠡᠷ ᠬᠡᠷᠡᠭᠯᠡᠭᠴᠢᠳ ᠲᠤ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠶᠢ ᠰᠠᠨᠠᠭᠤᠯᠵᠤ᠂ | 90% ᠠᠴᠠ ᠳᠡᠭᠡᠭᠰᠢᠬᠢ ᠲᠣᠮᠣ ᠬᠡᠯᠪᠡᠷᠢ ᠶᠢᠨ ᠢᠳᠡᠭᠡᠨ ᠤᠮᠳᠠᠭᠠᠨ ᠤ ᠳᠡᠯᠭᠡᠭᠦᠷ ᠰᠢᠷᠡᠭᠡᠨ ᠳᠡᠭᠡᠷ᠎ᠡ ᠫᠠᠶᠢᠰᠠ | ᠲᠠᠯᠪᠢᠬᠤ ᠵᠡᠷᠭᠡ ᠠᠷᠭ᠎ᠠ ᠮᠠᠶ᠋ᠢᠭ ᠢᠶᠠᠷ ᠬᠡᠷᠡᠭᠯᠡᠭᠴᠢᠳ ᠲᠤ ᠵᠣᠬᠢᠬᠤ ᠬᠡᠮᠵᠢᠶ᠎ᠡ ᠪᠠᠷ ᠬᠤᠭᠤᠯᠠ ᠵᠠᠬᠢᠶᠠᠯᠠᠬᠤ ᠶᠢ | ᠰᠠᠨᠠᠭᠤᠯᠵᠤ᠂ 700 ᠭᠠᠷᠤᠢ ᠬᠤᠳᠠᠯᠳᠤᠭᠠᠴᠢᠨ ᠡᠷᠦᠬᠡ 2000 ᠭᠠᠷᠤᠢ ᠵᠦᠢᠯ ᠤᠨ ᠵᠢᠵᠢᠭ ᠬᠤᠪᠢ ᠶᠢᠨ | ᠢᠳᠡᠭᠡᠨ ᠤᠮᠳᠠᠭᠠᠨ ᠭᠠᠷᠭᠠᠪᠠ᠃ |