︵ᠰᠤᠷᠪᠤᠯᠵᠢᠯᠠᠭᠴᠢ ᠶᠦᠨ ᠶᠠᠨ ᠹᠠᠩ ᠳᠠᠳᠤᠯᠭ᠎ᠠ ᠶᠢᠨ ᠰᠤᠷᠪᠤᠯᠵᠢᠯᠠᠭᠴᠢ ᠷᠥᠸᠧ ᠬᠥ᠋︶ ᠬᠤᠲᠠ ᠶᠢᠨ | ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠲᠦᠷᠦᠭᠦᠬᠡᠨ ᠬᠤᠷᠠᠯᠳᠤᠭᠤᠯᠤᠭᠰᠠᠨ ᠰᠣᠨᠢᠨ ᠮᠡᠳᠡᠭᠡ | ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠨᠢ᠂ ᠡᠨᠡ ᠵᠢᠯ ᠮᠠᠨ ᠤ ᠬᠤᠲᠠ 3000 ᠢᠵᠢ ᠪᠠᠲᠤᠯᠠᠭ᠎ᠠ ᠶᠢᠨ | ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠴᠤᠭᠯᠠᠭᠤᠯᠤᠨ ᠪᠦᠲᠦᠭᠡᠨ ᠪᠠᠶᠢᠭᠤᠯᠵᠤ᠂ ᠮᠠᠨ ᠤ ᠬᠤᠲᠠ ᠳᠤ | ᠠᠵᠢᠯ ᠣᠯᠵᠤ ᠦᠢᠯᠡᠰ ᠴᠣᠭᠴᠠᠯᠠᠭᠰᠠᠨ ᠣᠶᠤᠲᠠᠳ ᠤᠨ ᠣᠷᠣᠨ ᠰᠠᠭᠤᠴᠠ ᠶᠢᠨ ᠬᠦᠴᠢᠷᠳᠡᠯ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠬᠦ ᠪᠠᠷ ᠪᠠᠶᠢᠨ᠎ᠠ᠃ | ᠣᠶᠢᠯᠠᠭᠠᠭᠰᠠᠨ ᠢᠶᠠᠷ᠂ 2021 ᠣᠨ ᠠᠴᠠ ᠡᠬᠢᠯᠡᠨ᠂ ᠮᠠᠨ ᠤ ᠬᠤᠲᠠ ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠶᠡᠭᠡ ᠪᠠᠷ ᠬᠥᠭᠵᠢᠭᠦᠯᠪᠡ᠃ | 2023 ᠣᠨ ᠤ ᠵᠢᠯ ᠤᠨ ᠡᠴᠦᠰ ᠪᠣᠯᠲᠠᠯ᠎ᠠ᠂ ︽ᠲᠦᠷᠢᠶᠡᠰᠦᠯᠡᠬᠦ᠂ ᠬᠤᠳᠠᠯᠳᠤᠨ ᠠᠪᠬᠤ᠂ ᠥᠭᠡᠷᠡᠴᠢᠯᠡᠨ | ᠪᠠᠶᠢᠭᠤᠯᠬᠤ ︵ᠥᠭᠡᠷᠡᠴᠢᠯᠡᠬᠦ︶᠂ ᠰᠢᠨ᠎ᠡ ᠪᠠᠷ ᠪᠠᠶᠢᠭᠤᠯᠬᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠪᠦᠲᠦᠭᠡᠨ ᠪᠠᠶᠢᠭᠤᠯᠤᠭᠰᠠᠨ ᠠᠮᠤᠭᠤᠯᠠᠩ ᠣᠷᠣᠨ ᠰᠠᠭᠤᠴᠠ ᠶᠢᠨ ᠲᠥᠷᠥᠯ ᠵᠦᠢᠯ ᠳᠤ ᠲᠣᠬᠢᠷᠠᠭᠤᠯᠤᠯᠲᠠ ᠬᠢᠬᠦ︾ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ 1.5 ᠲᠦᠮᠡᠨ ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠶᠢ ᠴᠤᠭᠯᠠᠭᠤᠯᠤᠨ ᠪᠦᠲᠦᠭᠡᠨ ᠪᠠᠶᠢᠭᠤᠯᠵᠤ᠂ 2024 ᠣᠨ ᠳᠤ ᠪᠠᠰᠠ 3000 ᠢᠵᠢ ᠪᠠᠲᠤᠯᠠᠭ᠎ᠠ ᠶᠢᠨ | ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠴᠤᠭᠯᠠᠭᠤᠯᠤᠨ ᠪᠦᠲᠦᠭᠡᠨ ᠪᠠᠶᠢᠭᠤᠯᠬᠤ ᠪᠠᠷ ᠪᠠᠶᠢᠨ᠎ᠠ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠳᠡᠭᠡᠳᠦ ᠰᠤᠷᠭᠠᠭᠤᠯᠢ ᠲᠡᠭᠦᠰᠦᠭᠰᠡᠳ ᠪᠠᠲᠤᠯᠠᠭ᠎ᠠ ᠶᠢᠨ | ᠴᠢᠨᠠᠷᠲᠠᠢ ᠲᠦᠷᠢᠶᠡᠰᠦᠨ ᠣᠷᠣᠨ ᠰᠠᠭᠤᠴᠠ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠵᠢᠴᠢ | ᠲᠦᠷᠢᠶᠡᠰᠦᠯᠡᠬᠦ ᠬᠤᠳᠠᠯᠳᠤᠨ ᠠᠪᠬᠤ ᠨᠥᠬᠦᠪᠦᠷᠢ ᠣᠯᠭᠤᠬᠤ ᠪᠠᠷᠢᠮᠵᠢᠶ᠎ᠠ ᠶᠢ ᠬᠡᠷᠬᠢᠨ ᠭᠤᠶᠤᠴᠢᠯᠠᠬᠤ ᠲᠤᠬᠠᠢ ᠨᠠᠷᠢᠨ | ᠲᠣᠳᠣᠷᠬᠠᠶᠢᠯᠠᠯᠲᠠ ᠬᠢᠵᠡᠢ᠃ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠭᠤᠶᠤᠴᠢᠯᠠᠬᠤ ᠨᠥᠬᠦᠴᠡᠯ ᠨᠢ᠂ ᠪᠦᠬᠦᠯᠢ | 18 ᠨᠠᠰᠤ ᠬᠦᠷᠦᠭᠰᠡᠨ᠂ ᠮᠠᠨ ᠤ ᠬᠤᠲᠠ ᠳᠤ ᠠᠵᠢᠯ ᠣᠯᠣᠭᠰᠠᠨ ᠪᠤᠶᠤ ᠠᠳᠠᠯ ᠦᠢᠯᠡᠰ ᠴᠣᠭᠴᠠᠯᠠᠭᠰᠠᠨ᠂ ᠲᠣᠰ | ᠬᠥᠮᠥᠨ ᠵᠢᠴᠢ ᠭᠡᠷ ᠪᠦᠯᠢ ᠶᠢᠨ ᠪᠦᠷᠢᠯᠳᠦᠭᠦᠨ ᠨᠢ ᠮᠠᠨ ᠤ ᠬᠤᠲᠠ ᠳᠤ ᠥᠪᠡᠷ ᠤᠨ ᠣᠷᠣᠨ ᠰᠠᠭᠤᠴᠠ ᠦᠭᠡᠢ | ᠮᠥᠷᠲᠡᠭᠡᠨ ᠬᠤᠳᠠᠯᠳᠤᠭᠠᠨ ᠳᠤ ᠬᠡᠷᠡᠭᠯᠡᠬᠦ ᠭᠡᠷ ᠪᠠᠶᠢᠰᠢᠩ᠂ ᠠᠯᠪᠠᠯᠠᠬᠤ ᠠᠰᠠᠷ ᠪᠤᠶᠤ ᠪᠤᠰᠤᠳ ᠪᠡᠯᠡ | ᠣᠷᠣᠭᠤᠯᠤᠯᠲᠠ ᠶᠢᠨ ᠴᠢᠨᠠᠷᠲᠠᠢ ᠭᠡᠷ ᠪᠠᠶᠢᠰᠢᠩ ᠬᠤᠳᠠᠯᠳᠤᠨ ᠠᠪᠤᠭᠰᠠᠨ ᠦᠭᠡᠢ᠂ ᠣᠷᠣᠯᠭ᠎ᠠ ᠨᠢ ᠬᠠᠷᠢᠴᠠᠩᠭᠤᠢ | ᠲᠣᠭᠲᠠᠪᠤᠷᠢᠲᠠᠢ ᠪᠠᠶᠢᠬᠤ᠂ ᠳᠡᠭᠡᠷᠡᠬᠢ ᠨᠥᠬᠦᠴᠡᠯ ᠤᠳ ᠢ ᠬᠠᠮᠲᠤ ᠳᠤᠨᠢ ᠬᠠᠩᠭᠠᠪᠠᠯ᠂ ᠬᠥᠬᠡᠬᠤᠲᠠ ᠶᠢᠨ ᠣᠷᠣᠨ | ᠰᠠᠭᠤᠴᠠ ᠶᠢᠨ ᠲᠦᠷᠢᠶᠡᠰᠦᠯᠡᠯ ᠤᠨ App ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠭᠤᠶᠤᠴᠢᠯᠠᠵᠤ ᠪᠣᠯᠣᠨ᠎ᠠ᠃ | ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠭᠤᠶᠤᠴᠢᠯᠠᠬᠤ ᠨᠥᠬᠦᠴᠡᠯ ᠪᠣᠯ᠂ ᠲᠣᠰ ᠬᠤᠲᠠ ᠶᠢᠨ | ᠡᠷᠦᠬᠡ ᠠᠮᠠ ᠶᠢᠨ ᠲᠠᠩᠰᠠ ᠲᠠᠢ ᠭᠤᠶᠤᠴᠢᠯᠠᠭᠴᠢ ᠪᠦᠬᠦᠯᠢ 18 ᠨᠠᠰᠤ ︵ᠪᠦᠬᠦᠯᠢ 65 ᠠᠴᠠ ᠳᠡᠭᠡᠭᠰᠢ ᠨᠠᠰᠤ ᠲᠠᠢ | ᠪᠣᠯ ᠬᠠᠷᠠᠭᠠᠯᠵᠠᠨ ᠬᠠᠮᠠᠭᠠᠯᠠᠬᠤ ᠬᠥᠮᠥᠨ ᠲᠠᠢ ᠪᠠᠶᠢᠬᠤ ᠬᠡᠷᠡᠭᠲᠡᠢ︶᠂ ᠲᠣᠰ ᠬᠤᠲᠠ ᠳᠤ ᠣᠷᠣᠨ ᠰᠠᠭᠤᠴᠠ ᠦᠭᠡᠢ ︵ | ᠭᠤᠶᠤᠴᠢᠯᠠᠭᠴᠢ ᠶᠢᠨ ᠨᠡᠷ᠎ᠡ ᠳᠣᠣᠷ᠎ᠠ ᠶᠠᠮᠠᠷ ᠴᠤ ᠬᠡᠯᠪᠡᠷᠢ ᠶᠢᠨ ᠭᠡᠷ ᠬᠥᠷᠥᠩᠭᠡ ᠶᠢᠨ ᠮᠡᠳᠡᠭᠡ ᠵᠠᠩᠭᠢ ᠪᠠᠶᠢᠬᠤ ᠦᠭᠡᠢ | ︶᠂ ᠭᠡᠷ ᠪᠦᠯᠢ ᠶᠢᠨ ᠬᠥᠮᠥᠨ ᠳᠤᠮᠳᠠᠴᠢ ᠶᠢᠨ ᠰᠠᠷ᠎ᠠ ᠶᠢᠨ ᠣᠷᠣᠯᠭ᠎ᠠ ᠨᠢ ᠲᠦᠷᠦᠭᠦᠸ ᠵᠢᠯ ᠤᠨ ᠬᠤᠲᠠ ᠪᠠᠯᠭᠠᠰᠤᠨ ᠤ | ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 7 ᠳᠠᠬᠢᠨ ᠠᠴᠠ | ᠳᠣᠣᠷ᠎ᠠ ᠪᠠᠶᠢᠬᠤ ᠬᠡᠷᠡᠭᠲᠡᠢ᠃ | ᠲᠣᠰ ᠬᠤᠲᠠ ᠶᠢᠨ ᠪᠤᠰᠤ ᠡᠷᠦᠬᠡ ᠠᠮᠠ ᠶᠢᠨ ᠲᠠᠩᠰᠠ ᠲᠠᠢ ᠭᠤᠶᠤᠴᠢᠯᠠᠭᠴᠢ ᠪᠦᠬᠦᠯᠢ 18 ᠨᠠᠰᠤ ︵ | ᠪᠦᠬᠦᠯᠢ 65 ᠠᠴᠠ ᠳᠡᠭᠡᠭᠰᠢ ᠨᠠᠰᠤ ᠲᠠᠢ ᠪᠣᠯ ᠬᠠᠷᠠᠭᠠᠯᠵᠠᠨ ᠬᠠᠮᠠᠭᠠᠯᠠᠬᠤ ᠬᠥᠮᠥᠨ ᠲᠠᠢ ᠪᠠᠶᠢᠬᠤ ᠬᠡᠷᠡᠭᠲᠡᠢ︶᠂ ᠲᠣᠰ | ᠬᠤᠲᠠ ᠳᠤ ᠣᠷᠣᠨ ᠰᠠᠭᠤᠴᠠ ᠦᠭᠡᠢ ︵ᠭᠤᠶᠤᠴᠢᠯᠠᠭᠴᠢ ᠶᠢᠨ ᠨᠡᠷ᠎ᠡ ᠳᠣᠣᠷ᠎ᠠ ᠶᠠᠮᠠᠷ ᠴᠤ ᠬᠡᠯᠪᠡᠷᠢ ᠶᠢᠨ ᠭᠡᠷ | ᠬᠥᠷᠥᠩᠭᠡ ᠶᠢᠨ ᠮᠡᠳᠡᠭᠡ ᠵᠠᠩᠭᠢ ᠪᠠᠶᠢᠬᠤ ᠦᠭᠡᠢ︶᠂ ᠭᠡᠷ ᠪᠦᠯᠢ ᠶᠢᠨ ᠬᠥᠮᠥᠨ ᠳᠤᠮᠳᠠᠴᠢ ᠶᠢᠨ ᠰᠠᠷ᠎ᠠ ᠶᠢᠨ | ᠣᠷᠣᠯᠭ᠎ᠠ ᠨᠢ ᠲᠦᠷᠦᠭᠦᠸ ᠵᠢᠯ ᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠠᠭᠠᠲᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢᠨ 7 ᠳᠠᠬᠢᠨ ᠠᠴᠠ ᠳᠣᠣᠷ᠎ᠠ ᠪᠠᠶᠢᠵᠤ᠂ ᠮᠠᠨ ᠤ ᠬᠤᠲᠠ ᠳᠤ | ᠦᠷᠭᠦᠯᠵᠢᠯᠡᠨ ᠬᠤᠶᠠᠷ ᠵᠢᠯ ᠨᠡᠶᠢᠭᠡᠮ ᠤᠨ ᠪᠠᠲᠤᠯᠠᠭ᠎ᠠ ᠪᠤᠶᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ | ᠲᠤᠰᠢᠶᠠᠭᠰᠠᠨ ᠪᠠᠶᠢᠬᠤ ᠬᠡᠷᠡᠭᠲᠡᠢ ︵ᠭᠤᠶᠤᠴᠢᠯᠠᠭᠰᠠᠨ ᠡᠳᠦᠷ ᠠᠴᠠ ᠡᠬᠢᠯᠡᠵᠦ ᠪᠣᠳᠣᠨ᠎ᠠ︶᠃ | ᠭᠡᠷ ᠲᠦᠷᠢᠶᠡᠰᠦᠯᠡᠬᠦ ᠨᠥᠬᠦᠪᠦᠷᠢ ᠶᠢᠨ ᠪᠠᠷᠢᠮᠵᠢᠶ᠎ᠠ ᠨᠢ᠂ ᠳ᠋ᠣᠺᠲ᠋ᠣᠷᠠᠨᠲ ᠰᠠᠷ᠎ᠠ ᠪᠦᠷᠢ 1000 ᠲᠥᠭᠦᠷᠢᠭ᠂ | ᠠᠰᠫᠢᠷᠠᠨᠲ ᠰᠠᠷ᠎ᠠ ᠪᠦᠷᠢ 800 ᠲᠥᠭᠦᠷᠢᠭ᠂ ᠵᠢᠩᠬᠢᠨᠢ ᠠᠩᠭᠢ ᠶᠢᠨ ᠰᠣᠷᠣᠭᠴᠢ ᠰᠠᠷ᠎ᠠ ᠪᠦᠷᠢ 500 ᠲᠥᠭᠦᠷᠢᠭ᠂ | ᠲᠤᠰᠬᠠᠢ ᠮᠡᠷᠭᠡᠵᠢᠯ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ︶ ᠤᠨ ᠰᠤᠷᠤᠭᠴᠢ ᠰᠠᠷ᠎ᠠ ᠪᠦᠷᠢ | 300 ᠲᠥᠭᠦᠷᠢᠭ᠂ ᠨᠥᠬᠦᠪᠦᠷᠢ ᠥᠭᠬᠦ ᠬᠤᠭᠤᠴᠠᠭ᠎ᠠ ᠶᠢ 24 ᠰᠠᠷ᠎ᠠ ᠠᠴᠠ ᠬᠡᠲᠦᠷᠡᠭᠦᠯᠬᠦ ᠦᠭᠡᠢ᠃ ᠭᠡᠷ ᠪᠠᠶᠢᠰᠢᠩ | ᠬᠤᠳᠠᠯᠳᠤᠨ ᠠᠪᠬᠤ ᠨᠥᠬᠦᠪᠦᠷᠢ ᠶᠢᠨ ᠪᠠᠷᠢᠮᠵᠢᠶ᠎ᠠ ᠨᠢ᠂ ᠳ᠋ᠣᠺᠲ᠋ᠣᠷᠠᠨᠲ 10 ᠲᠦᠮᠡᠨ ᠲᠥᠭᠦᠷᠢᠭ᠂ ᠠᠰᠫᠢᠷᠠᠨᠲ 5 | ᠲᠦᠮᠡᠨ ᠲᠥᠭᠦᠷᠢᠭ᠂ ᠵᠢᠩᠬᠢᠨᠢ ᠠᠩᠭᠢ ᠶᠢᠨ ᠰᠣᠷᠣᠭᠴᠢ 3 ᠲᠦᠮᠡᠨ ᠲᠥᠭᠦᠷᠢᠭ᠂ ᠲᠤᠰᠬᠠᠢ ᠮᠡᠷᠭᠡᠵᠢᠯ ︵ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ︶ ᠤᠨ ᠰᠤᠷᠤᠭᠴᠢ 2 ᠲᠦᠮᠡᠨ ᠲᠥᠭᠦᠷᠢᠭ ᠪᠣᠯᠣᠨ᠎ᠠ᠃ |