ᠴᠢᠩ ᠱᠦᠢ ᠾᠧ ᠰᠢᠶᠠᠨ ᠤ ᠠᠩᠬᠠᠳᠤᠭᠠᠷ ᠬᠤᠭᠤᠴᠠᠭᠠᠨ ᠤ ᠮᠥᠰᠥ ᠴᠠᠰᠤᠨ ᠤ ᠨᠠᠶᠢᠷ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2024/1/15
      ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠪᠠᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ ᠤ ᠴᠤᠭ ᠵᠢᠪᠬᠤᠭ᠎ᠠ ᠶᠢ ᠳᠡᠯᠭᠡᠨ ᠦᠵᠡᠭᠦᠯᠵᠦ᠂ ᠠᠷᠪᠠᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ ᠤ ᠣᠶᠢᠷᠠᠳᠬᠤ ᠶᠢ ᠳᠠᠭᠠᠯᠳᠤᠨ᠂ ᠣᠯᠠᠨ ᠲᠦᠮᠡᠨ ᠤ ᠡᠪᠦᠯ ᠤᠨ ᠤᠯᠠᠷᠢᠯ ᠤᠨ ᠵᠢᠭᠤᠯᠴᠢᠯᠠᠯ ᠪᠣᠯᠣᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠠᠯᠠᠭᠤᠨ ᠰᠡᠳᠬᠢᠯᠭᠡ ᠣᠷᠭᠢᠯᠤᠨ ᠪᠠᠳᠠᠷᠠᠵᠤ᠂ ᠠᠷᠪᠠᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ ᠤ ᠲᠠᠰᠢᠷᠠᠮ ᠢᠶᠠᠷ᠂ 1 ᠳ᠋ᠦ᠋ᠭᠡᠷ ᠰᠠᠷ᠎ᠠ ᠶᠢᠨ 13 ᠤ ᠦᠳᠡ ᠶᠢᠨ ᠡᠮᠦᠨ᠎ᠡ ᠴᠢᠩ ᠱᠦᠢ ᠾᠧ ᠰᠢᠶᠠᠨ ᠤ ᠠᠩᠬᠠᠳᠤᠭᠠᠷ ᠬᠤᠭᠤᠴᠠᠭᠠᠨ ᠤ ᠮᠥᠰᠥ ᠴᠠᠰᠤᠨ ᠤ ᠨᠠᠶᠢᠷ ᠴᠤᠭᠯᠠᠭᠠᠨ ᠡᠬᠢᠯᠡᠵᠦ᠂ 500 ᠭᠠᠷᠤᠢ ᠬᠤᠲᠠ ᠶᠢᠨ ᠠᠷᠠᠳ ᠪᠣᠯᠣᠨ ᠵᠢᠭᠤᠯᠴᠢᠯᠠᠭᠴᠢᠳ ᠮᠥᠰᠥ ᠴᠠᠰᠤᠨ ᠤ ᠨᠠᠶᠢᠷ ᠨᠠᠭᠠᠳᠤᠮ ᠳᠤ ᠣᠷᠣᠵᠤ ᠮᠥᠰᠥ ᠴᠠᠰᠤᠨ ᠤ ᠪᠠᠶᠠᠷ ᠪᠠᠶᠠᠰᠤᠯ ᠢ ᠪᠡᠶᠡᠴᠢᠯᠡᠨ ᠣᠶᠢᠯᠭᠠᠪᠠ᠃      ᠴᠧᠩ ᠭᠤᠸᠠᠨ ᠵᠧᠨ ᠪᠠᠯᠭᠠᠰᠤᠨ ᠤ ᠬᠤᠲᠠ ᠶᠢᠨ ᠲᠣᠭᠤᠷᠢᠭ ᠤᠨ ᠲᠥᠪ ᠤᠨ ᠦᠵᠡᠮᠵᠢ ᠶᠢᠨ ᠲᠡᠩᠭᠡᠯᠢᠭ ᠤᠨ ᠭᠤᠣᠯ ᠤᠨ ᠵᠠᠮ ᠳᠡᠭᠡᠷᠡᠬᠢ ᠮᠥᠰᠥ ᠴᠠᠰᠤᠨ ᠤ ᠨᠠᠶᠢᠷ ᠴᠤᠭᠯᠠᠭᠠᠨ ᠤ ᠲᠤᠬᠠᠢ ᠶᠢᠨ ᠲᠠᠯᠠᠪᠠᠶ ᠣᠨᠴᠠᠭᠠᠶ ᠬᠦᠷ ᠬᠥᠭᠵᠢᠶᠡᠨ ᠲᠠᠢ ᠪᠠᠶᠢᠵᠤ᠂ ᠮᠥᠩᠭᠦᠨ ᠴᠠᠭᠠᠨ ᠶᠢᠷᠲᠢᠨᠴᠦ ᠳᠤ ᠮᠥᠰᠥᠨ ᠰᠡᠶᠢᠯᠦᠮᠡᠯ ᠴᠠᠰᠤᠨ ᠦᠵᠡᠮᠵᠢ ᠶᠢ ᠡᠯ᠎ᠡ ᠥᠩᠭᠡ ᠶᠢᠨ ᠬᠤᠪᠴᠠᠰᠤ ᠡᠮᠦᠰᠦᠭᠰᠡᠨ ᠵᠤᠭᠠᠴᠠᠭᠰᠠᠳ ᠲᠠᠢ ᠰᠦᠯᠵᠢᠯᠳᠦᠨ᠎ᠡ᠃ ᠵᠠᠷᠢᠮ ᠨᠢ ᠵᠣᠴᠢᠨ ᠤᠭᠲᠤᠬᠤ ᠴᠠᠰᠤᠨ ᠬᠥᠮᠥᠨ᠂ ᠱᠤᠸᠠᠩ ᠯᠦᠩ ᠭᠤᠯᠭᠤᠯᠲᠠ ᠶᠢᠨ ᠵᠠᠮ᠂ ᠴᠠᠰᠤᠨ ᠱᠤᠭᠤᠮᠠᠯ ᠤᠨ ᠪᠠᠬᠢᠯᠡᠯᠲᠡ ᠵᠡᠷᠭᠡ ᠴᠠᠰᠤᠨ ᠱᠤᠭᠤᠮᠠᠯ ᠤᠨ ᠦᠵᠡᠮᠵᠢ ᠶᠢᠨ ᠭᠠᠵᠠᠷ ᠲᠤ ᠰᠡᠭᠦᠳᠡᠷ ᠲᠠᠲᠠᠵᠤ ᠺᠠᠷᠲᠯᠠᠨ᠎ᠠ᠂ ᠵᠠᠷᠢᠮ ᠨᠢ ᠮᠥᠰᠥᠨ ᠳᠤ ᠲᠡᠰᠢᠬᠦ ᠲᠣᠭᠤᠷᠢᠭ ᠲᠤ ᠮᠥᠰᠥᠨ ᠳᠤ ᠲᠡᠰᠢᠬᠦ ᠲᠡᠷᠭᠡ ᠪᠠᠷ ᠪᠠᠶᠠᠷ ᠬᠥᠷ ᠲᠠᠢ ᠪᠠᠷ ᠨᠠᠭᠠᠳᠴᠤ᠂ ᠡᠰᠡᠬᠦᠯ᠎ᠡ ᠴᠠᠰᠤᠨ ᠳᠤ ᠭᠤᠯᠭᠤᠬᠤ ᠴᠠᠭᠠᠷᠢᠭ ᠢᠶᠠᠷ ᠴᠠᠰᠤᠨ ᠳᠤ ᠲᠣᠭᠯᠠᠨ᠎ᠠ᠂ ᠮᠥᠰᠥ ᠴᠠᠰᠤᠨ ᠤ ᠶᠢᠷᠲᠢᠨᠴᠦ ᠪᠠᠷ ᠵᠤᠭᠠᠴᠠᠨ ᠲᠣᠭᠤᠷᠢᠵᠤ᠂ ᠮᠥᠰᠥ ᠴᠠᠰᠤᠨ ᠤ ᠬᠥᠳᠡᠯᠭᠡᠭᠡᠨ ᠠᠴᠠ ᠪᠣᠯᠤᠭᠰᠠᠨ ᠬᠠᠪᠤ ᠴᠡᠩᠭᠡᠯ ᠢ ᠰᠣᠨᠢᠷᠬᠠᠨ᠂ ᠪᠠᠶᠠᠷ ᠬᠥᠷ ᠲᠠᠢ ᠪᠠᠷ ᠬᠥᠭᠡᠷᠦᠯᠳᠦᠨ ᠬᠥᠭᠡᠷᠦᠯᠳᠦᠵᠦ᠂ ᠭᠠᠯ ᠬᠠᠯᠠᠭᠤᠨ ᠵᠤᠭᠠᠴᠠᠯ ᠤᠨ ᠲᠠᠯᠠᠪᠤᠷ ᠢ ᠴᠢᠮᠡᠵᠦ ᠪᠠᠶᠢᠯ᠎ᠠ᠃
      ᠴᠢᠩ ᠱᠦᠢ ᠾᠧ ᠰᠢᠶᠠᠨ ᠤ ᠰᠣᠶᠣᠯ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠳᠤᠰᠠᠳᠠ᠂ ᠡᠨᠡ ᠵᠢᠯ ᠠᠴᠠ ᠨᠠᠰᠢ᠂ ᠴᠢᠩ ᠱᠦᠢ ᠾᠧ ᠰᠢᠶᠠᠨ ᠤ ᠬᠢᠨ ᠤᠳᠤ ᠶᠢᠨ ᠤᠯᠠᠮᠵᠢᠯᠠᠯᠲᠤ ᠪᠠᠶᠠᠷ ᠳᠤᠷᠠᠰᠬᠠᠯ ᠤᠨ ᠠᠵᠢᠯᠯᠠᠭ᠎ᠠ ᠪᠠᠨ ᠦᠷᠭᠦᠯᠵᠢᠯᠡᠭᠦᠯᠦᠭᠰᠡᠨ ᠰᠠᠭᠤᠷᠢᠨ ᠳᠡᠭᠡᠷ᠎ᠡ᠂ ᠲᠦᠷᠪᠡᠨ ᠤᠯᠠᠷᠢᠯ ᠤᠨ ᠵᠤᠭᠠᠴᠠᠯ ᠢ ᠬᠦᠴᠦᠯᠡᠨ ᠠᠬᠢᠭᠤᠯᠵᠤ᠂ ︽ᠴᠢᠩ ᠱᠦᠢ ᠾᠧ ᠶᠢᠨ ᠡᠪᠦᠯ ᠤᠨ ᠵᠤᠭᠠᠴᠠᠯ︾ ᠤᠨ ᠠᠵᠢᠯᠯᠠᠭ᠎ᠠ ᠶᠢᠨ ᠲᠦᠷᠦᠯ ᠲᠡᠮᠳᠡᠭ ᠢ ᠡᠭᠦᠳᠴᠦ᠂ ᠴᠢᠩ ᠱᠦᠢ ᠾᠧ ᠰᠢᠶᠠᠨ ᠤ ᠡᠪᠦᠯ ᠤᠨ ᠤᠯᠠᠷᠢᠯ ᠤᠨ ᠰᠣᠶᠣᠯ ᠵᠤᠭᠠᠴᠠᠯ ᠤᠨ ᠥᠪᠡᠷᠮᠢᠴᠡ ᠷᠢᠳᠢ ᠰᠢᠳᠢ ᠶᠢ ᠭᠦᠢᠴᠡᠳ ᠠᠭᠤᠳᠠᠯᠤᠨ ᠢᠯᠡᠷᠡᠭᠦᠯᠵᠦ᠂ ᠡᠪᠦᠯ ᠤᠨ ᠤᠯᠠᠷᠢᠯ ᠤᠨ ᠵᠤᠭᠠᠴᠠᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠢ ᠬᠥᠭᠵᠢᠭᠡᠪᠡ᠃ᠣᠶᠢᠯᠠᠭᠠᠭᠰᠠᠨ ᠢᠶᠠᠷ᠂ ᠴᠢᠩ ᠱᠦᠢ ᠾᠧ ᠰᠢᠶᠠᠨ ᠤ ᠠᠩᠬᠠᠳᠤᠭᠠᠷ ᠬᠤᠭᠤᠴᠠᠭᠠᠨ ᠤ ᠮᠥᠰᠥ ᠴᠠᠰᠤᠨ ‍ᠤ‌ᠨᠠᠶᠢᠷ ᠴᠤᠭᠯᠠᠭᠠᠨ ᠢ ᠵᠢᠷᠤᠵᠤ ᠲᠥᠯᠥᠪᠯᠡᠬᠦ ᠳᠡᠭᠡᠨ ᠴᠢᠩ ᠱᠦᠢ ᠾᠧ ᠰᠢᠶᠠᠨ ᠳᠤ ᠣᠨᠴᠠ ᠪᠠᠶᠢᠳᠠᠭ ᠪᠠᠶᠢᠭᠠᠯᠢ ᠶᠢᠨ ᠦᠵᠡᠮᠵᠢ ᠲᠠᠢ ᠤᠶᠠᠯᠳᠤᠭᠤᠯᠤᠨ᠂ ᠯᠣᠸ ᠵᠢᠯ ᠢᠶᠠᠷ ᠭᠤᠣᠯ ᠵᠣᠷᠢᠯᠲᠠ ᠪᠣᠯᠭᠠᠵᠤ᠂ ᠣᠯᠠᠨ ᠬᠡᠯᠪᠡᠷᠢ ᠶᠢᠨ ᠮᠥᠰᠥ ᠴᠠᠰᠤᠨ ᠤ ᠱᠤᠭᠤᠮᠠᠯ ᠢ ᠵᠢᠷᠤᠵᠤ ᠲᠥᠯᠥᠪᠯᠡᠭᠰᠡᠨ ᠪᠥᠭᠡᠳ ᠮᠥᠰᠥ ᠴᠠᠰᠤᠨ ᠤ ᠦᠵᠡᠮᠵᠢ ᠶᠢᠨ ᠰᠣᠨᠢᠷᠬᠠᠯᠲᠤ ᠴᠢᠨᠠᠷ ᠢ ᠨᠡᠮᠡᠭᠳᠡᠭᠦᠯᠬᠦ ᠶᠢᠨ ᠲᠥᠯᠥᠭᠡ᠂ ᠭᠤᠣᠯ ᠤᠨ ᠵᠠᠮ ᠤᠨ ᠬᠤᠶᠠᠷ ᠲᠠᠯ᠎ᠠ ᠶᠢ ᠭᠤᠶᠣᠯᠠᠨ ᠭᠡᠷᠡᠯᠲᠦᠭᠦᠵᠦ᠂ ᠠᠳᠠᠯᠢ ᠪᠤᠰᠤ ᠬᠡᠷᠡᠯ ᠤᠨ ᠱᠤᠭᠤᠮ ᠤᠨ ᠨᠡᠶᠢᠯᠡᠯ ᠪᠠ ᠥᠩᠭᠡ ᠪᠤᠳᠤᠭ ᠤᠨ ᠲᠣᠬᠢᠷᠠᠭᠤᠯᠤᠯᠲᠠ ᠪᠠᠷ ᠳᠠᠮᠵᠢᠭᠤᠯᠤᠨ᠂ ᠡᠯᠪᠡᠭ ᠪᠠᠶᠠᠯᠢᠭ ᠮᠥᠰᠥ ᠴᠠᠰᠤᠨ ᠤ ᠶᠢᠷᠲᠢᠨᠴᠦ ᠶᠢ ᠪᠣᠶ ᠪᠣᠯᠭᠠᠭᠰᠠᠨ ᠪᠠᠶᠢᠨ᠎ᠠ᠃ ᠠᠵᠢᠯᠯᠠᠭ᠎ᠠ ᠶᠢᠨ ᠬᠤᠭᠤᠴᠠᠭᠠᠨ ᠳᠤ᠂ ᠬᠤᠲᠠ ᠶᠢᠨ ᠠᠷᠠᠳ ᠰᠦᠢᠳᠬᠡᠯ ᠠᠪᠬᠤ ᠦᠭᠡᠢ ᠪᠠᠷ ᠲᠠᠯᠠᠪᠠᠶ ᠳᠤ ᠣᠷᠣᠵᠤ᠂ ᠬᠡᠷᠡᠭᠴᠡᠭᠡ ᠶᠣᠰᠣᠭᠠᠷ ᠵᠤᠭᠠᠴᠠᠨ ᠨᠠᠭᠠᠳᠬᠤ ᠲᠤᠷᠰᠢᠯᠲᠠ ᠶᠢᠨ ᠵᠦᠢᠯᠡᠰ ᠢ ᠬᠤᠳᠠᠯᠳᠤᠨ ᠠᠪᠴᠤ ᠪᠣᠯᠣᠨ᠎ᠠ᠂ ᠠᠵᠢᠯᠯᠠᠬᠤ ᠴᠠᠭ ᠨᠢ ᠦᠳᠡ ᠶᠢᠨ ᠡᠮᠦᠨᠡᠬᠢ 9 ᠴᠠᠭ ᠠᠴᠠ ᠦᠳᠡ ᠶᠢᠨ ᠬᠤᠶᠢᠨᠠᠬᠢ 5 ᠴᠠᠭ 30 ᠮᠢᠨᠦ᠋ᠲ ᠪᠣᠯᠣᠨ᠎ᠠ᠃
     ᠮᠥᠰᠥ ᠴᠠᠰᠤᠨ ᠤ ᠨᠠᠶᠢᠷ ᠨᠠᠭᠠᠳᠤᠮ ᠤᠨ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠤᠨ᠂ ᠡᠪᠦᠯ ᠤᠨ ᠤᠯᠠᠷᠢᠯ ᠤᠨ ᠰᠣᠶᠣᠯ ᠵᠤᠭᠠᠴᠠᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠤᠯᠠᠮ ᠴᠢᠨᠠᠭᠰᠢᠳᠠ ᠪᠠᠶᠠᠯᠢᠭᠵᠢᠭᠤᠯᠵᠤ᠂ ᠮᠥᠰᠥ ᠴᠠᠰᠤᠨ ᠤ ᠠᠵᠤ ᠠᠬᠤᠢ ᠶᠢ ᠪᠤᠵᠠᠭᠠᠶᠢᠷᠠᠭᠤᠯᠵᠤ᠂ ᠴᠢᠩ ᠱᠦᠢ ᠾᠧ ᠰᠢᠶᠠᠨ ᠤ ᠮᠥᠰᠥ ᠴᠠᠰᠤᠨ ᠤ ᠰᠣᠶᠣᠯ ᠪᠣᠯᠣᠨ ᠮᠥᠰᠥ ᠴᠠᠰᠤᠨ ᠤ ᠵᠤᠭᠠᠴᠠᠯ ᠤᠨ ᠬᠥᠭᠵᠢᠯᠲᠡ ᠶᠢ ᠠᠬᠢᠭᠤᠯᠵᠤ᠂ ᠡᠪᠦᠯ ᠤᠨ ᠤᠯᠠᠷᠢᠯ ᠤᠨ ᠮᠥᠰᠥ ᠴᠠᠰᠤᠨ ᠤ ᠵᠤᠭᠠᠴᠠᠯ ᠤᠨ ᠺᠠᠷᠲᠯᠠᠬᠤ ᠭᠠᠵᠠᠷ ᠢ ᠪᠠᠶᠢᠭᠤᠯᠵᠤ᠂ ︽ᠬᠦᠢᠲᠡᠨ ᠡᠬᠢ ᠪᠠᠶᠠᠯᠢᠭ︾ ᠢᠶᠠᠷ ︽ᠬᠠᠯᠠᠭᠤᠨ ᠠᠵᠤ ᠦᠢᠯᠡᠰ︾  ᠢ ᠬᠥᠳᠡᠯᠭᠡᠵᠦ᠂ ᠴᠢᠩ ᠱᠦᠢ ᠾᠧ ᠰᠢᠶᠠᠨ ᠤ ᠡᠪᠦᠯ ᠤᠨ ᠤᠯᠠᠷᠢᠯ ᠤᠨ ᠵᠤᠭᠠᠴᠠᠯ ᠤᠨ ᠦᠢᠯᠡᠰ ᠤᠨ ᠲᠡᠰ ᠳᠡᠪᠰᠢᠬᠦ ᠶᠢ ᠠᠬᠢᠭᠤᠯᠵᠤ᠂ ᠰᠣᠶᠣᠯ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠰᠣᠷᠭᠤᠭ︽ᠠᠮᠢᠵᠢᠷᠠᠯ ᠤᠨ ᠬᠦᠴᠦᠨ︾ ᠨᠡᠮᠡᠷᠢᠯᠡᠪᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1