ᠮᠠᠨ ᠤ ᠬᠤᠲᠠ ︽ᠵᠠᠰᠠᠭ ᠰᠤᠷᠭᠠᠭᠤᠯᠢ ᠠᠵᠤ ᠠᠬᠤᠶᠢᠯᠠᠯ︾ ᠤᠨ ᠰᠢᠨ᠎ᠡ ᠶᠢ ᠡᠭᠦᠳᠬᠦ ᠦᠢᠯᠡᠰ ᠴᠣᠭᠴᠠᠯᠠᠬᠤ ᠬᠤᠯᠪᠣᠭ᠎ᠠ ᠶᠢᠨ 2024 ᠣᠨ ᠤ ᠠᠩᠬᠠᠳᠤᠭᠠᠷ ᠤᠳᠠᠭ᠎ᠠ ᠶᠢᠨ ᠬᠠᠮᠲᠤᠷᠠᠭᠰᠠᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/17
     ︵ᠰᠤᠷᠪᠤᠯᠵᠢᠯᠠᠭᠴᠢ ᠦ᠋ ᠽᠢ ᠰᠢᠤᠸᠠᠨ︶ 1 ᠳ᠋ᠦ᠋ᠭᠡᠷ ᠰᠠᠷ᠎ᠠ ᠶᠢᠨ 16 ᠤ ᠡᠳᠦᠷ᠂ ᠬᠤᠳᠠ ᠶᠢᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠭᠰᠡᠨ ︽ᠵᠠᠰᠠᠭ ᠰᠤᠷᠭᠠᠭᠤᠯᠢ ᠠᠵᠤ ᠠᠬᠤᠶᠢᠯᠠᠯ︾ ᠤᠨ ᠰᠢᠨ᠎ᠡ ᠶᠢ ᠡᠭᠦᠳᠬᠦ ᠦᠢᠯᠡᠰ ᠴᠣᠭᠴᠠᠯᠠᠬᠤ ᠬᠤᠯᠪᠣᠭ᠎ᠠ ᠶᠢᠨ 2024 ᠣᠨ ᠤ ᠠᠩᠬᠠᠳᠤᠭᠠᠷ ᠤᠳᠠᠭ᠎ᠠ ᠶᠢᠨ ᠬᠠᠮᠲᠤᠷᠠᠭᠰᠠᠨ ᠬᠤᠷᠠᠯ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠬᠤᠷᠠᠯᠳᠤᠪᠠ᠃      ᠬᠤᠳᠠ ᠶᠢᠨ ᠳᠡᠳ᠋ ᠳᠠᠷᠤᠭ᠎ᠠ ᠵᠢᠶᠣᠣ ᠬᠤᠩ ᠬᠤᠷᠠᠯ ᠳᠤ ᠣᠷᠣᠯᠴᠠᠪᠠ᠃      2023 ᠣᠨ ᠳᠤ᠂ ᠬᠤᠲᠠ ᠶᠢᠨ ᠵᠠᠰᠠᠭ ᠤᠨ ᠣᠷᠳᠣᠨ ᠠᠴᠠ ᠰᠠᠨᠠᠭᠠᠴᠢᠯᠠᠨ ︽ᠵᠠᠰᠠᠭ ᠰᠤᠷᠭᠠᠭᠤᠯᠢ ᠠᠵᠤ ᠠᠬᠤᠶᠢᠯᠠᠯ︾ ᠤᠨ ᠰᠢᠨ᠎ᠡ ᠶᠢ ᠡᠭᠦᠳᠬᠦ ᠦᠢᠯᠡᠰ ᠴᠣᠭᠴᠠᠯᠠᠬᠤ ᠬᠤᠯᠪᠣᠭ᠎ᠠ ᠶᠢ  ᠪᠠᠶᠢᠭᠤᠯᠵᠤ᠂ ᠤᠯᠠᠨ ᠨᠡᠶᠢᠲᠡ ᠶᠢᠨ ᠰᠢᠯᠢᠳᠡᠭ ᠦᠢᠯᠡᠴᠢᠯᠡᠭᠡᠨ ᠤ ᠬᠠᠩᠭᠠᠯᠭ᠎ᠠ ᠶᠢ ᠪᠡᠶᠡᠯᠡᠭᠦᠯᠵᠦ᠂ ᠰᠢᠨ᠎ᠡ ᠶᠢ ᠡᠭᠦᠳᠬᠦ ᠦᠢᠯᠡᠰ ᠴᠣᠭᠴᠠᠯᠠᠬᠤ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠶᠢ ᠵᠣᠷᠢᠵᠠᠢ᠃ ᠣᠳᠣᠬᠠᠨ ᠳᠤ᠂ ᠬᠤᠯᠪᠣᠭ᠎ᠠ ᠳᠤ ᠨᠢᠭᠡᠨᠲᠡ 70 ᠭᠡᠰᠢᠭᠦᠨ ᠨᠢᠭᠡᠴᠢ ᠲᠠᠢ ᠪᠠᠶᠢᠵᠤ᠂ ᠡᠭᠦᠨ ᠳᠤ 7 ᠶᠡᠭᠡ ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ᠂ 9 ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ 20 ᠵᠢᠷᠭᠤᠭᠠᠨ ᠶᠡᠭᠡ ᠠᠵᠤ ᠦᠢᠯᠡᠰ ᠤᠨ ᠭᠤᠣᠯᠳᠠᠯᠭ᠎ᠠ ᠲᠠᠢ ᠠᠵᠤ ᠠᠬᠤᠶᠢᠯᠠᠯ ᠲᠠᠢ ᠲᠦᠷᠦᠯ ᠵᠦᠢᠯ ᠤᠨ ᠳᠡᠮᠵᠢᠯᠭᠡ᠂ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ᠂ ᠣᠨᠴᠠ ᠲᠣᠮᠢᠯᠠᠭᠰᠠᠨ ᠲᠤᠰᠬᠠᠢ ᠮᠡᠷᠭᠡᠵᠢᠯᠲᠡᠨ ᠤ ᠪᠦᠯᠬᠦᠮ ᠠᠴᠠ ᠰᠣᠩᠭᠤᠨ ᠲᠣᠮᠢᠯᠠᠬᠤ ᠵᠡᠷᠭᠡ ᠠᠷᠭ᠎ᠠ ᠬᠡᠯᠪᠡᠷᠢ ᠪᠠᠷ ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠵᠠᠢ︔ ᠠᠵᠤ ᠠᠬᠤᠶᠢᠯᠠᠯ ᠤᠨ ᠣᠨᠴᠠ ᠲᠣᠮᠢᠯᠠᠭᠳᠠᠭᠰᠠᠳ ᠤᠨ ᠠᠵᠢᠯ ᠤᠨ ᠥᠷᠲᠡᠭᠡ ᠠᠴᠠ ᠰᠣᠩᠭᠤᠨ ᠲᠣᠮᠢᠯᠠᠬᠤ ᠵᠡᠷᠭᠡ ᠠᠷᠭ᠎ᠠ ᠬᠡᠯᠪᠡᠷᠢ ᠪᠠᠷ 24 ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠠᠵᠤ ᠠᠬᠤᠶᠢᠯᠠᠯ᠂ ᠭᠤᠷᠪᠠᠳᠠᠭᠢ ᠡᠲᠡᠭᠡᠳ ᠤᠨ ᠲᠤᠰᠬᠠᠢ ᠮᠡᠷᠭᠡᠵᠢᠯ ᠤᠨ ᠪᠠᠶᠢᠭᠤᠯᠤᠮᠵᠢ ᠶᠢ ᠬᠤᠯᠪᠣᠭ᠎ᠠ ᠳᠤ ᠣᠷᠣᠭᠤᠯᠵᠠᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1