ᠮᠠᠨ ᠤ ᠬᠤᠲᠠ ︽ᠲᠤᠰᠬᠠᠢ ᠨᠠᠷᠢᠯᠢᠭ ᠣᠨᠴᠠ ᠰᠢᠨ᠎ᠡ︾ ᠶᠢ ᠭᠦᠨ ᠦᠨᠳᠦᠰᠦᠯᠡᠭᠦᠯᠵᠦ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠬᠤᠷᠠᠮᠳᠤᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/1/18
     ︵ᠰᠤᠷᠪᠤᠯᠵᠢᠯᠠᠭᠴᠢ ᠰᠦᠩ ᠰᠢᠶᠠᠩ ᠬᠤᠸᠠ︶ 1 ᠳ᠋ᠦ᠋ᠭᠡᠷ ᠰᠠᠷ᠎ᠠ ᠶᠢᠨ 16 ᠤ ᠡᠳᠦᠷ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2023 ᠣᠨ ᠪᠣᠯᠲᠠᠯ᠎ᠠ᠂ ᠮᠠᠨ ᠤ ᠬᠤᠳᠠ ᠳᠤ ᠥᠪᠡᠷᠲᠡᠭᠡᠨ ᠵᠠᠰᠠᠬᠤ ᠣᠷᠣᠨ ᠤ ᠲᠡᠰ ᠤᠨ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 111᠂ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ 38᠂ ᠤᠯᠤᠰ ᠤᠨ ᠲᠡᠰ ᠤᠨ ︽ᠲᠤᠰᠬᠠᠢ ᠨᠠᠷᠢᠯᠢᠭ ᠣᠨᠴᠠ ᠰᠢᠨ᠎ᠡ︾ ︽ᠵᠢᠵᠢᠭ ᠠᠪᠤᠷᠭᠤ ᠬᠥᠮᠥᠨ︾ ᠠᠵᠤ ᠠᠬᠤᠶᠢᠯᠠᠯ 5 ᠪᠠᠶᠢᠵᠤ᠂ ᠴᠢᠨᠠᠷ ᠰᠠᠶᠢᠲᠠᠢ ᠠᠵᠤ ᠠᠬᠤᠶᠢᠯᠠᠯ ᠤᠨ ᠡᠩᠨᠡᠭᠡ ᠲᠠᠰᠤᠷᠠᠯᠲᠠ ᠦᠭᠡᠢ ᠪᠤᠵᠠᠭᠠᠶᠢᠷᠠᠪᠠ᠃      ᠣᠶᠢᠯᠠᠭᠠᠭᠰᠠᠨ ᠢᠶᠠᠷ᠂ ︽ᠲᠤᠰᠬᠠᠢ ᠨᠠᠷᠢᠯᠢᠭ ᠣᠨᠴᠠ ᠰᠢᠨ᠎ᠡ︾ ᠶᠢ ᠦᠨᠡᠯᠡᠨ ᠲᠣᠭᠲᠠᠭᠠᠬᠤ ᠨᠢ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ᠂ ᠦᠢᠯᠡᠳᠬᠦᠨ ᠤ ᠶᠠᠰᠤ ᠴᠢᠨᠠᠷ᠂ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠶᠢ ᠪᠠᠭᠲᠠᠭᠠᠭᠰᠠᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ ᠪᠣᠯᠣᠨ᠎ᠠ᠃ ᠦᠨᠡᠯᠡᠨ ᠲᠣᠭᠲᠠᠭᠠᠭᠰᠠᠨ ᠤ ᠳᠠᠷᠠᠭᠠᠬᠢ ᠠᠵᠤ ᠠᠬᠤᠶᠢᠯᠠᠯ ᠨᠢ ᠤᠬᠠᠭᠤᠯᠬᠤ ᠪᠠ ᠡᠵᠡᠩᠨᠡᠨ ᠪᠣᠷᠣᠯᠠᠭᠤᠯᠬᠤ ᠲᠠᠯ᠎ᠠ ᠪᠠᠷ ᠨᠠᠩ ᠣᠯᠠᠨ ᠣᠷᠣᠭᠤᠯᠤᠯᠲᠠ ᠣᠷᠣᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠪᠠ ᠢᠷᠠᠭᠤ ᠠᠯᠳᠠᠷ ᠤᠨ ᠬᠡᠮᠵᠢᠶ᠎ᠡ ᠶᠢ ᠳᠡᠭᠡᠭᠰᠢᠯᠡᠭᠦᠯᠵᠦ ᠪᠣᠯᠣᠨ᠎ᠠ︔ ᠦᠢᠯᠡᠳᠬᠦᠨ ᠢ ᠰᠤᠳᠤᠯᠤᠨ ᠨᠡᠭᠡᠭᠡᠬᠦ ᠪᠠ ᠦᠢᠯᠡᠳᠪᠦᠷᠢᠯᠡᠬᠦ ᠲᠠᠯ᠎ᠠ ᠪᠠᠷ ᠨᠡᠩ ᠠᠷᠪᠢᠨ ᠪᠡᠯᠡ ᠣᠷᠣᠭᠤᠯᠵᠤ᠂ ᠦᠢᠯᠡᠳᠬᠦᠨ ᠤ ᠶᠠᠰᠤ ᠴᠢᠨᠠᠷ ᠪᠠ ᠴᠢᠳᠠᠪᠬᠢ ᠶᠢ ᠳᠡᠭᠡᠭᠰᠢᠯᠡᠭᠦᠯᠵᠦ ᠪᠣᠯᠣᠨ᠎ᠠ︔ ᠲᠧᠭᠨᠢᠭ ᠮᠡᠷᠭᠡᠵᠢᠯ ᠢ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠲᠠᠯ᠎ᠠ ᠪᠠᠷ ᠨᠡᠩ ᠠᠷᠪᠢᠨ ᠪᠡᠯᠡ ᠣᠷᠣᠭᠤᠯᠵᠤ᠂ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ ᠪᠣᠯᠣᠨ᠎ᠠ︔ ᠪᠠᠰᠠ ᠠᠵᠤ ᠠᠬᠤᠶᠢᠯᠠᠯ ᠢ ᠬᠠᠪᠰᠤᠷᠤᠨ ᠪᠠᠩᠬᠢ ᠶᠢᠨ ᠵᠢᠭᠡᠯᠡᠯᠭᠡ᠂ ᠰᠲ᠋ᠣᠺ ᠤᠨ ᠡᠷᠬᠡ ᠶᠢᠨ ᠪᠡᠯᠡ ᠲᠣᠬᠢᠷᠠᠭᠤᠯᠭ᠎ᠠ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠲᠣᠬᠢᠷᠠᠭᠤᠯᠭ᠎ᠠ ᠵᠡᠷᠭᠡ ᠨᠡᠩ ᠤᠯᠠᠨ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠣᠯᠵᠤ ᠪᠣᠯᠣᠨ᠎ᠠ᠃      ︽ᠲᠤᠰᠬᠠᠢ ᠨᠠᠷᠢᠯᠢᠭ ᠣᠨᠴᠠ ᠰᠢᠨ᠎ᠡ︾ ᠶᠢ ᠤᠯᠠᠮ ᠨᠢᠭᠡ ᠠᠯᠬᠤᠮ ᠭᠦᠨ ᠦᠨᠳᠦᠰᠦᠯᠡᠭᠦᠯᠬᠦ ᠶᠢᠨ ᠲᠥᠯᠥᠭᠡ ᠂ ᠣᠶᠢᠷ᠎ᠠ ᠶᠢᠨ ᠵᠢᠯ ᠳᠤ᠂ ᠮᠠᠨ ᠤ ᠬᠤᠲᠠ ᠱᠠᠲᠤᠴᠢᠯᠠᠨ ᠪᠣᠶᠢᠵᠢᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠳᠤᠮᠳᠠ ᠵᠢᠵᠢᠭ ᠠᠵᠤ ᠠᠬᠤᠶᠢᠯᠠᠯ ᠢ ᠱᠠᠲᠤᠴᠢᠯᠠᠨ ᠪᠣᠶᠢᠵᠢᠭᠤᠯᠬᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ᠢ ᠭᠦᠨᠵᠡᠭᠡᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠳᠤᠮᠳᠠ ᠵᠢᠵᠢᠭ ᠠᠵᠤ ᠠᠬᠤᠶᠢᠯᠠᠯ ᠢ ᠱᠠᠲᠤᠴᠢᠯᠠᠨ ᠪᠣᠶᠢᠵᠢᠭᠤᠯᠬᠤ ᠰᠢᠰᠲ᠋ᠧᠮᠵᠢ ᠶᠢ ᠬᠦᠴᠦᠯᠡᠨ ᠪᠠᠶᠢᠭᠤᠯᠪᠠ︔ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠠᠵᠤ ᠦᠢᠯᠡᠰ ᠤᠨ ᠪᠥᠭᠡᠮᠨᠡᠷᠡᠯ ᠪᠠ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠴᠢᠨᠠᠷ ᠰᠠᠶᠢᠲᠠᠢ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠬᠤ ᠬᠥᠮᠥᠷᠭᠡ ᠶᠢ ᠪᠠᠶᠢᠭᠤᠯᠤᠨ᠂ ᠬᠥᠳᠡᠯᠦᠩᠭᠦᠢ ᠬᠠᠮᠢᠶᠠᠷᠤᠯᠲᠠ ᠶᠢ ᠴᠢᠩᠭᠠᠳᠬᠠᠵᠤ᠂ ᠮᠥᠷᠳᠡᠨ ᠬᠢᠨᠠᠨ ᠬᠡᠮᠵᠢᠬᠦ ᠶᠢ ᠰᠠᠶᠢᠲᠤᠷ ᠬᠢᠵᠦ᠂ ᠨᠠᠷᠢᠯᠢᠭ ᠣᠨᠣᠴᠠᠲᠠᠢ ᠪᠠᠷ ᠪᠣᠶᠢᠵᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ︽ᠲᠤᠰᠬᠠᠢ ᠨᠠᠷᠢᠯᠢᠭ ᠣᠨᠴᠠ ᠰᠢᠨ᠎ᠡ︾ ᠴᠢᠭᠯᠡᠯ ᠲᠡᠶᠢᠰᠢ ᠦᠰᠦᠨ ᠪᠣᠶᠢᠵᠢᠬᠤ ᠳᠤ ᠬᠦᠴᠦᠨ ᠨᠡᠮᠡᠷᠢᠯᠡᠵᠦ᠂ ᠣᠷᠣᠨ ᠤ ᠲᠥᠪ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠬᠤᠷᠠᠮᠳᠤᠭᠤᠯᠤᠨ ᠢᠳᠡ ᠬᠦᠴᠦ ᠣᠯᠭᠤᠵᠠᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1