︵ᠰᠤᠷᠪᠤᠯᠵᠢᠯᠠᠭᠴᠢ ᠶᠦᠨ ᠶᠠᠨ ᠹᠠᠩ︶ ᠲᠦᠷᠦᠭᠦᠬᠡᠨ᠂ ᠮᠠᠨ ᠤ ᠬᠤᠲᠠ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ︽ᠬᠤᠪᠢ ᠬᠥᠮᠥᠨ ᠤ ᠣᠷᠣᠨ | ᠰᠠᠭᠤᠴᠠ ᠶᠢᠨ ᠵᠢᠭᠡᠯᠡᠯᠭᠡ ᠳᠠᠬᠢ ᠣᠷᠣᠨ ᠰᠠᠭᠤᠴᠠ ᠶᠢᠨ ᠲᠤᠭ᠎ᠠ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ | ᠰᠢᠯᠢᠳᠡᠭᠵᠢᠭᠦᠯᠬᠦ ᠲᠤᠬᠠᠢ ᠮᠡᠳᠡᠭᠳᠡᠯ︾ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ | ᠲᠢᠩᠬᠢᠮ ᠤᠨ ︽ᠬᠠᠳᠠᠨ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠱᠠᠭᠠᠷᠳᠠᠯᠭ᠎ᠠ ᠶᠢ | ᠳᠡᠮᠵᠢᠬᠦ ᠲᠤᠬᠠᠢ ᠵᠢᠯᠤᠭᠤᠳᠬᠤ ᠰᠠᠨᠠᠯ︾ ᠢ ᠲᠤᠭᠤᠰᠢᠯᠠᠭᠤᠯᠵᠤ᠂ ︽ᠬᠤᠪᠢ ᠬᠥᠮᠥᠨ ᠤ ᠣᠷᠣᠨ ᠰᠠᠭᠤᠴᠠ ᠶᠢᠨ | ᠵᠢᠭᠡᠯᠡᠯᠭᠡ ᠳᠠᠬᠢ ᠣᠷᠣᠨ ᠰᠠᠭᠤᠴᠠ ᠶᠢᠨ ᠲᠤᠭ᠎ᠠ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠰᠢᠯᠢᠳᠡᠭᠵᠢᠭᠦᠯᠬᠦ | ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠬᠥᠬᠡᠬᠤᠲᠠ | ᠵᠠᠰᠠᠭ ᠠᠯᠪᠠᠨ ᠲᠠᠷᠬᠠᠭᠠᠭᠰᠠᠨ ﹇2023﹈ 57 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠠᠩᠬᠠᠨ ᠤ | ᠭᠡᠷ ᠬᠤᠳᠠᠯᠳᠤᠨ ᠠᠪᠬᠤ ᠵᠢᠭᠡᠯᠡᠭᠡ ᠶᠢᠨ ︽ᠭᠡᠷ ᠢ ᠮᠡᠳᠡᠷᠡᠬᠦ ᠠᠴᠠ ᠪᠢᠰᠢ ᠵᠢᠭᠡᠯᠡᠯᠭᠡ ᠶᠢ ᠮᠡᠳᠡᠷᠡᠬᠦ ᠦᠭᠡᠢ︾ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠰᠠᠭᠤᠭᠠᠯᠢ ᠠᠷᠠᠳ ᠤᠨ ᠭᠡᠷ ᠪᠦᠯᠢ ︵ | ᠵᠣᠭᠤᠰ ᠵᠢᠭᠡᠯᠡᠭᠴᠢ᠂ ᠬᠠᠨᠢ ᠨᠥᠬᠦᠷ ᠨᠢ ᠵᠢᠴᠢ ᠨᠠᠰᠤᠨ ᠳᠤ ᠬᠦᠷᠦᠭᠡᠳᠦᠶ ᠦᠷ᠎ᠡ ᠬᠡᠦᠬᠡᠳ ᠪᠠᠭᠲᠠᠨ᠎ᠠ᠂ ᠳᠣᠷᠣᠭᠰᠢ | ᠠᠳᠠᠯᠢ︶ ᠲᠠᠸᠠᠷ ᠤᠨ ᠣᠷᠣᠨ ᠰᠠᠭᠤᠴᠠ ᠬᠤᠳᠠᠯᠳᠤᠨ ᠠᠪᠬᠤ ᠵᠢᠭᠡᠯᠡᠯᠭᠡ ᠭᠤᠶᠤᠴᠢᠯᠠᠬᠤ ᠦᠶ᠎ᠡ ᠳᠤ᠂ ᠲᠦᠮᠡᠳ | ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ᠂ ᠴᠢᠩ ᠱᠦᠢ ᠾᠧ ᠰᠢᠶᠠᠨ᠂ ᠦᠴᠦᠸᠠᠨ ᠰᠢᠶᠠᠨ᠂ | ᠬᠤᠲᠠ ᠶᠢᠨ ᠳᠥᠷᠪᠡᠨ ᠲᠣᠭᠤᠷᠢᠭ ᠢ ᠲᠤᠰᠠᠭᠠᠷ ᠭᠡᠷ ᠢ ᠮᠡᠳᠡᠷᠡᠬᠦ ᠵᠢᠷᠭᠤᠭᠠᠨ ᠨᠢᠭᠡᠴᠢ ᠪᠣᠯᠭᠠᠵᠤ᠂ ᠭᠡᠷ ᠪᠦᠯᠢ ᠶᠢᠨ | ᠪᠦᠷᠢᠯᠳᠦᠭᠦᠨ ᠨᠢ ᠭᠡᠷ ᠢ ᠮᠡᠳᠡᠷᠡᠬᠦ ᠨᠢᠭᠡᠴᠢ ᠳᠣᠲᠣᠷ᠎ᠠ ᠨᠡᠷ᠎ᠡ ᠳᠡᠭᠡᠷ᠎ᠡ ᠪᠠᠨ ᠢᠵᠢ ᠪᠦᠷᠢᠨ ᠣᠷᠣᠨ ᠰᠠᠭᠤᠴᠠ ᠦᠭᠡᠢ | ᠪᠣᠯ᠂ ᠵᠢᠭᠡᠯᠡᠯᠭᠡ ᠶᠢ ᠠᠰᠢᠭᠯᠠᠨ ᠣᠷᠣᠨ ᠰᠠᠭᠤᠴᠠ ᠬᠤᠳᠠᠯᠳᠤᠨ ᠠᠪᠤᠭᠰᠠᠨ ᠡᠰᠡᠬᠦ ᠶᠢ ᠬᠠᠮᠢᠶᠠᠷᠤᠯ ᠦᠭᠡᠢ ᠪᠠᠷ | ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠴᠥᠮ ᠠᠩᠬᠠᠨ ᠤ ᠭᠡᠷ ᠤᠨ ᠶᠣᠰᠣᠭᠠᠷ | ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠭᠡᠷ ᠪᠦᠯᠢ ᠶᠢᠨ ᠪᠦᠷᠢᠯᠳᠦᠭᠦᠨ ᠤ | ᠣᠷᠣᠨ ᠰᠠᠭᠤᠴᠠ ᠶᠢᠨ ᠪᠠᠶᠢᠳᠠᠯ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠷᠢᠶ᠎ᠠ ᠭᠠᠵᠠᠷ ᠤᠨ ᠥᠯᠥ ᠬᠥᠳᠡᠯᠬᠦ | ᠬᠥᠷᠥᠩᠭᠡ ᠶᠢ ᠳᠠᠩᠰᠠᠯᠠᠬᠤ ᠰᠠᠯᠠᠭ᠎ᠠ ᠮᠥᠴᠢᠷ ᠠᠴᠠ ᠰᠠᠭᠤᠭᠠᠯᠢ ᠠᠷᠠᠳ ᠤᠨ ᠭᠡᠷ ᠪᠦᠯᠢ ᠶᠢᠨ ᠭᠤᠶᠤᠴᠢᠯᠠᠯ ᠢ | ᠦᠨᠳᠦᠰᠦᠯᠡᠨ᠂ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠬᠤ ᠶᠢᠨ ᠬᠠᠮᠲᠤ ᠪᠠᠶᠢᠴᠠᠭᠠᠨ ᠯᠠᠪᠯᠠᠭᠰᠠᠨ ᠲᠡᠮᠳᠡᠭᠯᠡᠯ | ᠬᠢᠵᠦ ᠥᠭᠭᠦᠨ᠎ᠡ᠃ ᠡᠭᠦᠨ ᠤ ᠬᠠᠮᠲᠤ 1 ᠣᠷᠣᠨ ᠰᠠᠭᠤᠴᠠ ᠲᠠᠢ ᠪᠥᠭᠡᠳ ᠬᠠᠷᠠᠭᠠᠯᠵᠠᠭᠰᠠᠨ ᠭᠡᠷ ᠪᠠᠶᠢᠰᠢᠩ | ᠬᠤᠳᠠᠯᠳᠤᠨ ᠠᠪᠬᠤ ᠵᠢᠭᠡᠯᠡᠯᠭᠡ ᠪᠠᠨ ᠨᠢᠭᠡᠨᠲᠡ ᠲᠥᠯᠥᠵᠦ ᠳᠠᠭᠤᠰᠬᠠᠭᠰᠠᠨ ᠭᠡᠷ ᠪᠦᠯᠢ ᠂ ᠣᠷᠣᠨ ᠰᠠᠭᠤᠴᠠ ᠶᠢᠨ | ᠨᠥᠬᠦᠴᠡᠯ ᠢᠶᠠᠨ ᠰᠠᠶᠢᠵᠢᠷᠠᠭᠤᠯᠬᠤ ᠶᠢᠨ ᠲᠥᠯᠥᠭᠡ ᠳᠠᠬᠢᠨᠲᠠ ᠵᠢᠭᠡᠯᠡᠯᠭᠡ ᠭᠤᠶᠤᠴᠢᠯᠠᠵᠤ ᠲᠠᠸᠠᠷ ᠤᠨ ᠣᠷᠣᠨ | ᠰᠠᠭᠤᠴᠠ ᠬᠤᠳᠠᠯᠳᠤᠨ ᠠᠪᠬᠤ ᠳᠤ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ | ᠠᠩᠬᠠᠨ ᠤ ᠭᠡᠷ ᠤᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | ᠡᠨᠡ ᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠨᠢ ᠨᠠᠩ ᠣᠯᠠᠨ ᠭᠡᠷ ᠪᠠᠶᠢᠰᠢᠩ ᠬᠤᠳᠠᠯᠳᠤᠨ | ᠠᠪᠬᠤ ᠬᠥᠮᠥᠨ ᠳᠤ ᠠᠩᠬᠠᠨ ᠤ ᠭᠡᠷ ᠤᠨ ᠵᠢᠭᠡᠯᠡᠯᠭᠡ ᠶᠢᠨ ᠠᠩᠬ᠎ᠠ ᠲᠥᠯᠥᠬᠦ ᠬᠠᠷᠢᠴᠠᠯ ᠪᠠ ᠬᠦᠦ ᠮᠥᠩᠭᠦ ᠶᠢᠨ | ᠨᠣᠷᠮ᠎ᠠ ᠶᠢᠨ ᠬᠠᠷᠠᠭᠠᠯᠵᠠᠯ ᠢ ᠡᠳ᠋ᠯᠡᠭᠦᠯᠵᠦ᠂ ᠭᠡᠷ ᠪᠠᠶᠢᠰᠢᠩ ᠬᠤᠳᠠᠯᠳᠤᠨ ᠠᠪᠬᠤ ᠥᠪᠡᠷ ᠤᠨ ᠥᠷᠲᠡᠭ ᠢ | ᠪᠠᠭᠤᠷᠠᠭᠤᠯᠵᠤ᠂ ᠣᠷᠣᠨ ᠰᠠᠭᠤᠴᠠ ᠶᠢᠨ ᠬᠠᠳᠠᠨ ᠴᠢᠨᠠᠷ ᠪᠠ ᠰᠠᠶᠢᠵᠢᠷᠠᠯᠲᠠ ᠶᠢᠨ ᠬᠡᠯᠪᠡᠷᠢ ᠶᠢᠨ ᠱᠠᠭᠠᠷᠳᠠᠯᠭ᠎ᠠ ᠶᠢ | ᠨᠠᠩ ᠰᠠᠶᠢᠨ ᠬᠠᠩᠭᠠᠬᠤ ᠳᠤ ᠠᠰᠢᠭᠲᠠᠢ ᠪᠣᠯᠵᠠᠢ᠃ |