ᠬᠥᠬᠡᠬᠤᠲᠠ᠂ ᠪᠤᠭᠤᠲᠤ ᠬᠤᠲᠠ ᠶᠢᠨ ᠨᠢᠭᠡ ᠬᠤᠲᠠᠴᠢᠯᠠᠯᠲᠠ ᠶᠢᠨ ᠬᠥᠭᠵᠢᠯᠲᠡ ᠶᠢ ᠲᠦᠷᠭᠡᠳᠬᠡᠬᠦ | ᠬᠡᠯᠡᠯᠴᠡᠭᠡᠷ ᠢ ᠨᠠᠶᠢᠳᠠᠪᠤᠷᠢᠵᠢᠭᠤᠯᠵᠤ᠂ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ | ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ 1 ᠳ᠋ᠦ᠋ᠭᠡᠷ ᠰᠠᠷ᠎ᠠ ᠶᠢᠨ 3 ᠤ ᠡᠳᠦᠷ᠂ ᠬᠥᠬᠡᠬᠤᠲᠠ ᠶᠢᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠪᠤᠭᠤᠲᠤ | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠲᠠᠢ ᠬᠠᠮᠲᠤᠷᠠᠨ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠶᠢ ᠤᠶᠠᠯᠳᠤᠭᠤᠯᠬᠤ ᠠᠷᠭ᠎ᠠ | ᠮᠠᠶ᠋ᠢᠭ ᠢᠶᠠᠷ᠂ ᠲᠦᠷᠦᠭᠦᠸ ᠪᠦᠯᠦᠭ ᠤᠨ 192 ᠵᠦᠢᠯ ᠤᠨ ᠨᠡᠶᠢᠳᠡᠮ ᠰᠢᠢᠳᠪᠦᠷᠢᠯᠡᠬᠦ ᠵᠦᠢᠯᠡᠰ ᠢ ᠨᠡᠶᠢᠲᠡᠯᠡᠵᠦ᠂ | ᠵᠠᠰᠠᠭ ᠵᠠᠬᠢᠷᠭᠠᠨ ᠤ ᠲᠠᠰ ᠳᠠᠪᠬᠤᠷᠭ᠎ᠠ᠂ ᠵᠦᠢᠯᠡᠰ ᠤᠨ ᠲᠥᠷᠥᠯ ᠬᠡᠯᠪᠡᠷᠢ ᠪᠠ ᠬᠡᠷᠡᠭ ᠡᠷᠭᠢᠯᠡᠬᠦ ᠪᠡᠶᠡᠴᠢ ᠴᠣᠭᠴᠠ | ᠵᠡᠷᠭᠡ ᠭᠤᠷᠪᠠᠨ ᠲᠠᠯ᠎ᠠ ᠶᠢ ᠬᠠᠮᠤᠷᠴᠤ᠂ ︽ᠬᠤᠲᠠ ᠢᠯᠭᠠᠬᠤ ᠦᠭᠡᠢ︾ ᠪᠠᠷ ᠭᠥᠯᠢᠶᠡᠨ ᠠᠪᠴᠤ᠂ ᠠᠳᠠᠯᠢ | ᠪᠠᠷᠢᠮᠵᠢᠶ᠎ᠠ ᠪᠠᠷ ᠭᠦᠢᠴᠡᠳᠬᠡᠬᠦ ᠪᠣᠯᠪᠠ᠃ | ᠬᠡᠷᠡᠭᠵᠢᠭᠦᠯᠬᠦ ᠶᠠᠪᠤᠴᠠ ᠳᠤ᠂ ᠬᠥᠬᠡᠬᠤᠲᠠ ᠪᠤᠭᠤᠲᠤ ᠬᠤᠶᠠᠷ ᠭᠠᠵᠠᠷ ᠤᠨ ᠬᠢᠨ ᠤᠴᠢᠷ ᠶᠠᠪᠤᠳᠠᠯ ᠤᠨ | ᠡᠯᠧᠮᠧᠨ᠋ᠲ᠂ ᠭᠦᠢᠴᠡᠳᠬᠡᠬᠦ ᠶᠠᠪᠤᠴᠠ ᠪᠠ ᠭᠦᠢᠴᠡᠳᠬᠡᠬᠦ ᠵᠦᠭᠯᠡᠭᠦᠷ ᠢ ᠵᠢᠷᠤᠮᠵᠢᠭᠤᠯᠤᠨ ᠲᠡᠭᠦᠯᠳᠡᠷᠵᠢᠭᠦᠯᠵᠦ᠂ | ᠰᠦᠯᠵᠢᠶᠡᠨ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠮᠥᠩᠬᠡ ᠰᠤᠪᠠᠭ App᠂ ᠥᠪᠥᠷ ᠮᠣᠩᠭᠤᠯ ᠤᠨ ᠡᠮᠴᠢᠯᠡᠭᠡᠨ ᠤ | ᠳᠠᠭᠠᠳᠬᠠᠯ ᠤᠨ App᠂ ︽ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ︾ ᠵᠢᠵᠢᠭ ᠫᠷᠣᠭ᠍ᠷᠠᠮ ᠢᠶᠠᠷ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡᠳᠦᠯᠲᠡᠢ ᠬᠠᠩᠭᠠᠪᠠ︔ | ᠰᠦᠯᠵᠢᠶᠡᠨ ᠭᠠᠳᠠᠨ᠎ᠠ ᠬᠤᠲᠠ᠂ ᠲᠣᠭᠤᠷᠢᠭ ︵ᠬᠤᠰᠢᠭᠤ ᠰᠢᠶᠠᠨ︶ ᠤᠨ ᠬᠤᠶᠠᠷ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠵᠢᠴᠢ ᠡᠮᠴᠢᠯᠡᠭᠡᠨ ᠤ ᠪᠠᠲᠤᠯᠠᠭ᠎ᠠ᠂ ᠨᠡᠶᠢᠭᠡᠮ ᠤᠨ ᠳᠠᠭᠠᠳᠬᠠᠯ᠂ | ᠬᠢᠯᠢ ᠪᠠᠷ ᠣᠷᠣᠵᠤ ᠭᠠᠷᠬᠤ ᠵᠡᠷᠭᠡ ᠲᠤᠰᠬᠠᠢ ᠬᠤᠪᠢᠶᠠᠷᠢ ᠲᠢᠩᠬᠢᠮ ᠳᠤ ᠨᠡᠶᠢᠳᠡᠮ ᠭᠦᠢᠴᠡᠳᠬᠡᠬᠦ ᠴᠣᠩᠬᠤ | ᠲᠣᠬᠢᠷᠠᠭᠤᠯᠵᠤ᠂ ︽ᠣᠨᠳᠣᠣ ᠭᠠᠵᠠᠷ ᠲᠤ ᠮᠠᠲ᠋ᠧᠷᠢᠶᠠᠯ ᠭᠥᠯᠢᠶᠡᠨ ᠠᠪᠬᠤ︱ᠴᠣᠩᠬᠤ ᠪᠠᠷ ᠠᠩᠬ᠎ᠠ | ᠬᠢᠨᠠᠬᠤ︱ᠬᠠᠷᠢᠶ᠎ᠠ ᠭᠠᠵᠠᠷ ᠰᠢᠯᠵᠢᠭᠦᠯᠦᠨ ᠭᠦᠢᠴᠡᠳᠬᠡᠬᠦ︱ᠬᠠᠷᠢᠶ᠎ᠠ ᠭᠠᠵᠠᠷ ᠬᠢᠨᠠᠨ ᠬᠠᠷᠭᠤᠭᠤᠯᠬᠤ︱ᠬᠢᠨᠠᠨ | ᠵᠥᠪᠰᠢᠶᠡᠷᠡᠵᠦ ᠲᠣᠭᠲᠠᠭᠠᠬᠤ︱ᠦᠨᠡᠮᠯᠡᠯ ᠭᠠᠷᠭᠠᠨ ᠬᠦᠷᠭᠡᠬᠦ︾ ᠴᠤᠪᠤᠷᠠᠯ ᠶᠣᠰᠣᠭᠠᠷ᠂ ᠠᠵᠢᠯ ᠭᠦᠢᠴᠡᠳᠭᠡᠭᠴᠢ ᠳᠤ | ᠥᠪᠡᠰᠦᠪᠡᠨ ᠦᠢᠯᠡᠴᠢᠯᠡᠬᠦ ᠦᠵᠦᠭᠦᠷ ᠪᠠ ᠶᠡᠷᠦᠩᠬᠡᠶᠢᠯᠡᠭᠰᠡᠨ ᠴᠣᠩᠬᠤ ᠪᠠᠷ ᠬᠢᠨᠠᠨ ᠵᠥᠪᠰᠢᠶᠡᠷᠡᠬᠦ ᠦᠢᠯᠡᠴᠢᠯᠡᠭᠡ | ᠬᠠᠩᠭᠠᠨ᠎ᠠ᠃ ᠡᠭᠦᠨ ᠤ ᠵᠡᠷᠭᠡ ᠳᠤ᠂ ︽ᠣᠷᠣᠨ ᠪᠦᠰᠡ ᠠᠯᠤᠰᠯᠠᠭᠰᠠᠨ ᠨᠡᠶᠢᠳᠡᠮ ᠭᠦᠢᠴᠡᠳᠬᠡᠬᠦ ᠲᠤᠰᠬᠠᠢ | ᠴᠣᠩᠬᠤᠨ ᠤ ᠲᠠᠪᠴᠠᠩ︾ ᠢᠶᠠᠷ ᠳᠠᠮᠵᠢᠭᠤᠯᠤᠨ ︽ᠡᠭᠦᠯᠡᠨ ᠠᠭᠤᠯᠵᠠᠯᠲᠠ︾ ᠶᠢᠨ ᠨᠡᠪᠲᠡᠷᠡᠬᠦ ᠵᠠᠮ ᠢ ᠪᠠᠶᠢᠭᠤᠯᠵᠤ᠂ | ᠤᠴᠢᠷ ᠶᠠᠪᠤᠳᠠᠯ ᠭᠦᠢᠴᠡᠳᠭᠡᠭᠴᠢ ᠠᠴᠠ ᠣᠨᠳᠣᠣ ᠭᠠᠵᠠᠷ ᠠᠴᠠ ᠬᠠᠷᠠᠭᠠᠨ ᠳᠠᠪᠲᠠᠮᠵᠢ ᠪᠠᠷ ᠭᠥᠯᠢᠶᠡᠨ ᠠᠪᠬᠤ | ᠵᠦᠢᠯᠡᠰ ᠢ ᠵᠥᠪᠳᠡᠯᠴᠡᠨ ᠶᠠᠷᠢᠯᠴᠠᠵᠤ᠂ ᠤᠴᠢᠷ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠨᠣᠷᠮ᠎ᠠ ᠪᠠ | ᠣᠨᠣᠪᠴᠢᠲᠤ ᠴᠢᠨᠠᠷ ᠢ ᠳᠡᠭᠡᠭᠰᠢᠯᠡᠭᠦᠯᠦᠨ᠂ ᠪᠤᠴᠠᠭᠠᠬᠤ ᠵᠦᠢᠯᠡᠰ ᠤᠨ ᠨᠣᠷᠮ᠎ᠠ ᠶᠢ ᠳᠣᠷᠣᠭᠰᠢᠯᠠᠭᠤᠯᠤᠭᠰᠠᠨ ᠪᠠᠶᠢᠨ᠎ᠠ᠃ | ᠲᠣᠰ ᠠᠷᠭ᠎ᠠ ᠬᠡᠮᠵᠢᠶ᠎ᠡ ᠨᠢ ᠬᠥᠬᠡᠬᠤᠲᠠ ᠪᠤᠭᠤᠲᠤ ᠬᠤᠶᠠᠷ ᠭᠠᠵᠠᠷ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢᠨ ᠬᠠᠮᠲᠤᠷᠠᠯᠴᠠᠭᠠᠨ ᠤ ᠣᠷᠳᠣ ᠬᠤᠭᠤᠴᠠᠭᠠᠨ ᠤ ᠪᠦᠲᠦᠮᠵᠢᠲᠡᠶ ᠬᠥᠭᠵᠢᠯᠲᠡ ᠶᠢᠨ ᠲᠣᠭᠲᠠᠴᠠ᠂ | ᠣᠷᠣᠨ ᠪᠦᠰᠡ ᠠᠯᠤᠰᠯᠠᠨ ᠭᠦᠢᠴᠡᠳᠬᠡᠬᠦ᠂ ᠪᠠᠷᠢᠮᠵᠢᠶᠠᠵᠢᠭᠤᠯᠤᠨ ᠪᠦᠲᠦᠭᠡᠨ ᠪᠠᠶᠢᠭᠤᠯᠬᠤ᠂ ᠲᠤᠭ᠎ᠠ ᠪᠠᠷᠢᠮᠲᠠ ᠶᠢ | ᠬᠠᠮᠲᠤ ᠪᠠᠷ ᠡᠳ᠋ᠯᠡᠵᠦ ᠬᠠᠷᠢᠯᠴᠠᠨ ᠬᠡᠷᠡᠭᠯᠡᠬᠦ ᠵᠡᠷᠭᠡ ᠲᠠᠯ᠎ᠠ ᠪᠠᠷ ᠪᠣᠳᠠᠲᠠᠢ ᠦᠢᠯᠡᠳᠦᠯᠭᠡ ᠬᠠᠩᠭᠠᠵᠤ᠂ ᠬᠤᠶᠠᠷ | ᠭᠠᠵᠠᠷ ᠤᠨ ᠠᠵᠤ ᠠᠬᠤᠶᠢᠯᠠᠯ ᠣᠯᠠᠨ ᠲᠦᠮᠡᠨ ᠳᠤ ᠬᠥᠬᠡᠬᠤᠲᠠ ᠪᠤᠭᠤᠲᠤ ᠬᠤᠶᠠᠷ ᠬᠤᠲᠠ ᠶᠢᠨ ᠨᠢᠭᠡ | ᠬᠤᠲᠠᠴᠢᠯᠠᠭᠰᠠᠨ ᠬᠥᠭᠵᠢᠯᠲᠡ ᠶᠢᠨ ᠠᠪᠴᠢᠷᠠᠭᠰᠠᠨ ᠲᠥᠬᠦᠮ ᠨᠥᠬᠦᠴᠡᠯ ᠢ ᠦᠨᠡᠨ ᠬᠦ ᠬᠦᠷᠲᠡᠭᠡᠭᠰᠡᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠨᠢᠭᠡ ᠪᠦᠯᠦᠭ ᠪᠣᠯᠪᠠᠰᠤᠷᠠᠩᠭᠤᠢ ᠪᠣᠯᠪᠠᠯ᠂ ᠨᠢᠭᠡ ᠪᠦᠯᠦᠭ ᠢ | ᠬᠡᠷᠡᠭᠵᠢᠭᠦᠯᠬᠦ︾ ᠰᠡᠳᠬᠢᠴᠡ ᠪᠠᠷ᠂ ᠬᠥᠬᠡᠬᠤᠲᠠ ᠪᠤᠭᠤᠲᠤ ᠬᠤᠶᠠᠷ ᠭᠠᠵᠠᠷ ᠤᠨ ︽ᠣᠨᠳᠣᠣ ᠭᠠᠵᠠᠷ ᠲᠤ | ᠭᠦᠢᠴᠡᠳᠬᠡᠵᠦ ᠪᠣᠯᠬᠤ︾ ᠤᠴᠢᠷ ᠶᠠᠪᠤᠳᠠᠯ ᠤᠨ ᠬᠠᠷᠢᠴᠠᠯ ᠢ ᠦᠷᠭᠦᠯᠵᠢᠯᠡᠨ ᠥᠷᠭᠡᠳᠬᠡᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠬᠤᠲᠠ ᠢᠯᠭᠠᠬᠤ ᠦᠭᠡᠢ︾ ᠭᠥᠯᠢᠶᠡᠨ ᠠᠪᠴᠤ ᠠᠳᠠᠯᠢ ᠪᠠᠷᠢᠮᠵᠢᠶ᠎ᠠ ᠪᠠᠷ | ᠭᠦᠢᠴᠡᠳᠬᠡᠬᠦ ᠶᠢ ᠠᠯᠬᠤᠮ ᠠᠯᠬᠤᠮ ᠢᠶᠠᠷ ᠪᠥᠬᠦ ᠲᠠᠯ᠎ᠠ ᠪᠠᠷ ᠪᠡᠶᠡᠯᠡᠭᠦᠯᠵᠦ᠂ ᠣᠷᠣᠨ ᠪᠦᠰᠡ ᠶᠢᠨ ᠳᠣᠲᠣᠷᠠᠬᠢ ᠠᠵᠤ | ᠠᠬᠤᠶᠢᠯᠠᠯ ᠣᠯᠠᠨ ᠲᠦᠮᠡᠨ ᠢ ︽ᠭᠡᠷ ᠤᠨ ᠡᠭᠦᠳᠡᠨ ᠳᠡᠭᠡᠷ᠎ᠡ︾ ᠪᠠᠨ ᠤᠴᠢᠷ ᠶᠠᠪᠤᠳᠠᠯ ᠢ ᠪᠦᠲᠦᠭᠡᠵᠦ ᠳᠡᠶᠢᠯᠬᠦ | ᠪᠣᠯᠭᠠᠵᠤ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠦᠷᠲᠡᠮᠵᠢ ᠶᠢᠨ ᠲᠥᠷᠥᠭᠳᠡᠯ ᠪᠠ | ᠬᠠᠨᠤᠮᠵᠢᠲᠠᠶ ᠲᠥᠷᠥᠭᠳᠡᠯ ᠢ ᠳᠡᠭᠡᠭᠰᠢᠯᠡᠭᠦᠯᠦᠨ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠪᠣᠶ ᠪᠣᠯᠭᠠᠨ᠎ᠠ᠃ ︵ᠯᠢ ᠬᠠᠢ ᠵᠧᠨ︶ |