ᠴᠢᠩ ᠱᠦᠢ ᠾᠧ ᠰᠢᠶᠠᠨ ᠴᠠᠭᠳᠠᠭᠠᠨ ᠤ ᠠᠵᠢᠯ ᠢ ᠡᠭᠡᠯ ᠠᠷᠠᠳ ᠤᠨ ᠡᠭᠦᠳᠡᠨ ᠳᠤ ᠬᠦᠷᠲᠡᠯ᠎ᠡ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2024/10/25
    ᠡᠨᠡ ᠵᠢᠯ ᠠᠴᠠ ᠨᠠᠰᠢ᠂ ᠴᠢᠩ ᠱᠦᠢ ᠾᠧ ᠰᠢᠶᠠᠨ ︽ᠴᠠᠭᠳᠠᠭᠠᠨ ᠤ ᠡᠩᠨᠡᠭᠡ + ᠲᠣᠣᠷᠵᠢᠯ︾ ᠤᠨ ᠠᠭᠤᠰᠤᠯᠴᠠᠯ ᠤᠨ ᠲᠣᠭᠲᠠᠴᠠ ᠶᠢ ᠲᠠᠰᠤᠷᠠᠯᠲᠠ ᠦᠭᠡᠢ ᠰᠦᠪᠡᠭᠴᠢᠯᠡᠵᠦ᠂ ᠴᠠᠭᠳᠠᠭᠠᠨ ᠤ ᠬᠦᠴᠦᠨ ᠢ ᠳᠣᠷᠣᠭᠰᠢ ᠪᠠᠭᠤᠯᠭᠠᠬᠤ ᠶᠢ ᠲᠦᠯᠬᠢᠨ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ︽ᠶᠡᠬᠡᠪᠡᠷ ᠪᠠᠶᠢᠴᠠᠭᠠᠬᠤ᠂ ᠶᠡᠬᠡᠪᠡᠷ ᠠᠷᠢᠯᠭᠠᠬᠤ᠂ ᠶᠡᠬᠡᠪᠡᠷ ᠡᠵᠡᠮᠰᠢᠬᠦ︾ ᠲᠤᠰᠬᠠᠢ ᠠᠵᠢᠯᠯᠠᠭ᠎ᠠ ᠪᠠ ︽ᠵᠠᠭᠤᠨ ᠲᠦᠮᠡᠨ ᠴᠠᠭᠳᠠᠭ᠎ᠠ ᠮᠢᠩᠭᠠᠨ ᠲᠦᠮᠡᠨ ᠡᠷᠦᠬᠡ ᠳᠤ ᠣᠷᠣᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠴᠠᠭᠳᠠᠭᠠᠨ ᠤ ᠶᠠᠪᠤᠳᠠᠯ ᠤᠨ ᠠᠵᠢᠯ ᠢ ᠨᠡᠶᠢᠭᠡᠮ ᠤᠨ ᠵᠠᠰᠠᠯᠲᠠ ᠶᠢᠨ ︽ᠮᠡᠳᠡᠷᠡᠯ ᠤᠨ ᠦᠵᠦᠭᠦᠷ︾ ᠬᠦᠷᠲᠡᠯ᠎ᠡ ᠥᠷᠭᠡᠳᠬᠡᠵᠦ᠂ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠨ᠎ᠡ ᠬᠦᠳᠡᠯᠭᠡᠭᠴᠢ ᠬᠦᠴᠦᠨ ᠢ ᠬᠥᠭᠵᠢᠭᠡᠪᠡ᠃     ᠣᠳᠣᠬᠠᠨ ᠪᠣᠯᠲᠠᠯ᠎ᠠ᠂ ᠴᠢᠩ ᠱᠦᠢ ᠾᠧ ᠰᠢᠶᠠᠨ ᠤ ᠴᠧᠩ ᠭᠤᠸᠠᠨ ᠪᠠᠯᠭᠠᠰᠤᠨ ᠤ 8 ᠨᠡᠶᠢᠭᠡᠮ ᠲᠣᠭᠤᠷᠢᠭ ︽ᠨᠢᠭᠡ ᠨᠡᠶᠢᠭᠡᠮ ᠲᠣᠭᠤᠷᠢᠭ ᠨᠢᠭᠡ ᠠᠷᠠᠳ ᠤᠨ ᠴᠠᠭᠳᠠᠭ᠎ᠠ ᠬᠤᠶᠠᠷ ᠲᠤᠰᠠᠯᠠᠬᠤ ᠴᠠᠭᠳᠠᠭ᠎ᠠ︾ ᠶᠢ ᠪᠡᠶᠡᠯᠡᠭᠦᠯᠵᠦ᠂ ᠪᠥᠬᠦ ᠰᠢᠶᠠᠨ ᠤ103 ᠵᠠᠰᠠᠭ ᠵᠠᠬᠢᠷᠭᠠᠨ ᠤ ᠲᠣᠰᠬᠤᠨ ︽ᠨᠢᠭᠡ ᠲᠣᠰᠬᠤᠨ ᠨᠢᠭᠡ ᠲᠤᠰᠠᠯᠠᠬᠤ ᠴᠠᠭᠳᠠᠭ᠎ᠠ︾ ᠶᠢ ᠪᠡᠶᠡᠯᠡᠭᠦᠯᠵᠦ᠂ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ᠂ ᠲᠤᠰᠠᠯᠠᠬᠤ ᠴᠠᠭᠳᠠᠭ᠎ᠠ ᠡᠳᠦᠷ ᠪᠦᠷᠢ ᠰᠤᠷᠪᠤᠯᠵᠢᠯᠠᠨ ᠦᠵᠡᠬᠦ ᠶᠢ ᠪᠠᠷᠢᠮᠲᠠᠯᠠᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ︽ᠣᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠬᠦ᠂ ᠦᠷ᠎ᠡ ᠪᠦᠲᠦᠮᠵᠢ ᠬᠤᠷᠠᠮᠳᠤᠭᠤᠯᠬᠤ᠂ ᠣᠨᠣᠪᠴᠢᠲᠠᠢ ᠦᠢᠯᠡᠴᠢᠯᠡᠬᠦ᠂ ᠬᠠᠮᠵᠢᠯᠴᠠᠨ ᠬᠠᠮᠲᠤ ᠪᠠᠷ ᠵᠠᠰᠠᠬᠤ︾ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ ᠠᠩᠬ᠎ᠠ ᠠᠯᠬᠤᠮ ᠪᠠᠶᠢᠭᠤᠯᠪᠠ᠃ ᠠᠷᠠᠳ ᠤᠨ ᠴᠠᠭᠳᠠᠭ᠎ᠠ ᠂ ᠲᠤᠰᠠᠯᠠᠬᠤ ᠴᠠᠭᠳᠠᠭ᠎ᠠ ᠬᠢᠭᠡᠳ ᠨᠡᠶᠢᠭᠡᠮ ᠲᠣᠭᠤᠷᠢᠭ ᠤᠨ ᠲᠤᠤᠷᠴᠢᠨ᠂ ᠲᠣᠰᠬᠤᠨ ᠤ ᠠᠷᠠᠳ ᠤᠨ ᠵᠥᠪᠯᠡᠯ ᠤᠨ ᠬᠤᠯᠪᠤᠭᠠᠯᠠᠨ ᠬᠥᠳᠡᠯᠦᠯᠴᠡᠬᠦ ᠪᠠᠷ ᠳᠠᠮᠵᠢᠭᠤᠯᠤᠨ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠲᠣᠣᠷ ᠳᠤᠲᠤᠷ᠎ᠠ ᠠᠷᠢᠯᠭᠠᠨ᠎ᠠ᠃     ᠡᠭᠦᠨ ᠠᠴᠠ ᠭᠠᠳᠠᠨ᠎ᠠ᠂ ᠴᠢᠩ ᠱᠦᠢ ᠾᠧ ᠰᠢᠶᠠᠨ ᠨᠠᠮ ᠤᠨ ᠭᠡᠰᠢᠭᠦᠨ ᠤ ︽ᠬᠤᠣᠰ ᠨᠡᠷ᠎ᠡ ᠮᠡᠳᠡᠭᠦᠯᠬᠦ︾ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠨᠠᠮ ᠤᠨ ᠭᠡᠰᠢᠭᠦᠨ ᠠᠷᠠᠳ ᠤᠨ ᠴᠠᠭᠳᠠᠭ᠎ᠠ᠂ ᠲᠤᠰᠠᠯᠠᠬᠤ ᠴᠠᠭᠳᠠᠭ᠎ᠠ ᠶᠢᠨ ᠣᠯᠠᠨ ᠲᠦᠮᠡᠨ ᠳᠤ ᠦᠢᠯᠡᠴᠢᠯᠡᠬᠦ ᠲᠠᠪᠴᠠᠩ ᠢ ᠪᠠᠶᠢᠭᠤᠯᠵᠤ᠂ ᠨᠠᠮ ᠤᠨ ᠭᠡᠰᠢᠭᠦᠨ ᠠᠷᠠᠳ ᠤᠨ ᠴᠠᠭᠳᠠᠭ᠎ᠠ᠂ ᠲᠤᠰᠠᠯᠠᠬᠤ ᠴᠠᠭᠳᠠᠭ᠎ᠠ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠵᠦ᠂ ᠥᠨᠥᠴᠢᠨ ᠪᠡᠯᠪᠡᠰᠦᠨ ᠨᠠᠰᠤᠲᠠᠨ᠂ ᠭᠡᠷ ᠲᠡᠭᠡᠨ ᠬᠤᠴᠣᠷᠤᠭᠰᠠᠨ ᠬᠡᠦᠬᠡᠳ ᠵᠡᠷᠭᠡ ᠶᠢ ᠬᠠᠯᠠᠮᠵᠢᠯᠠᠨ ᠬᠠᠪᠰᠤᠷᠬᠤ ᠪᠠᠨ ᠴᠢᠩᠭᠠᠳᠬᠠᠪᠠ᠃     ᠳᠠᠷᠠᠭᠠᠴᠢ ᠶᠢᠨ ᠠᠯᠬᠤᠮ ᠳᠤ᠂ ᠴᠢᠩ ᠱᠦᠢ ᠾᠧ ᠰᠢᠶᠠᠨ ᠰᠢᠨ᠎ᠡ ᠴᠠᠭ ᠦᠶ᠎ᠡ ᠶᠢᠨ ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠤᠨ ᠠᠵᠢᠯ ᠤᠨ ᠰᠢᠨ᠎ᠡ ᠵᠠᠭᠪᠤᠷ ᠢ ᠦᠷᠭᠦᠯᠵᠢᠯᠡᠨ ᠪᠠᠶᠢᠭᠤᠯᠵᠤ᠂ ︽ᠵᠢᠵᠢᠭ ᠲᠤᠤᠷᠴᠢᠯᠠᠯ︾ ᠤᠨ ᠠᠮᠤᠷ ᠲᠦᠪᠰᠢᠨ ᠢᠶᠠᠷ ︽ᠶᠡᠭᠡ ᠨᠡᠶᠢᠭᠡᠮ︾ ᠤᠨ ᠡᠶ᠎ᠡ ᠵᠣᠬᠢᠴᠠᠯ ᠶᠢ ᠠᠬᠢᠭᠤᠯᠬᠤ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1