︽ᠭᠠᠷ ᠦᠭᠡᠢ ᠠᠨᠵᠧᠯ︾ ᠯᠢ ᡁᠢ ᠬᠤᠸᠠ ᠪᠠᠭᠰᠢ ᠶᠢᠨ ᠵᠣᠷᠢᠭᠵᠢᠭᠤᠯᠤᠯ ᠤᠨ ᠶᠠᠷᠢᠶ᠎ᠠ ᠢᠯᠡᠳᠬᠡᠯ | ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠶᠠᠪᠤᠭᠳᠠᠪᠠ | ᠰᠤᠷᠤᠭᠴᠢᠳ ᠤᠨ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠴᠢᠷᠮᠠᠶᠢᠨ ᠰᠤᠷᠤᠯᠴᠠᠵᠤ᠂ ᠨᠡᠩ ᠶᠡᠭᠡ | ᠠᠮᠵᠢᠯᠲᠠ ᠣᠯᠬᠤ ᠶᠢ ᠤᠯᠠᠮ ᠨᠢᠭᠡ ᠠᠯᠬᠤᠮ ᠵᠣᠷᠢᠭᠵᠢᠭᠤᠯᠵᠤ᠂ ᠴᠢᠷᠮᠠᠶᠢᠨ ᠳᠠᠪᠰᠢᠬᠤ᠂ ᠴᠢᠷᠮᠠᠶᠢᠨ ᠲᠡᠮᠡᠴᠡᠬᠦ | ᠵᠣᠷᠢᠭ ᠰᠠᠨᠠᠭ᠎ᠠ ᠪᠠ ᠦᠯᠡᠮᠵᠢ ᠶᠡᠭᠡ ᠬᠠᠶᠢᠷ᠎ᠠ ᠰᠡᠳᠬᠢᠯᠭᠡ ᠶᠢ ᠬᠥᠮᠥᠨ ᠤ ᠠᠮᠢᠳᠤᠷᠠᠯ ᠤᠨ ᠦᠰᠦᠨ ᠪᠤᠶᠢᠵᠢᠯᠲᠠ ᠪᠠ | ᠴᠢᠷᠮᠠᠶᠢᠨ ᠰᠤᠷᠤᠯᠴᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢᠨ ᠲᠥᠯᠥᠭᠡ᠂ 10 | ᠰᠠᠷ᠎ᠠ ᠶᠢᠨ 17 ᠤ ᠡᠳᠦᠷ᠂ ᠴᠢᠩ ᠱᠦᠢ ᠾᠧ ᠰᠢᠶᠠᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ | ᠳᠤ ᠤᠷᠮᠠᠰᠢᠭᠤᠯᠤᠨ ᠵᠣᠷᠢᠭᠵᠢᠭᠤᠯᠬᠤ ᠬᠥᠮᠦᠵᠢᠯ ᠤᠨ ᠶᠠᠷᠢᠶ᠎ᠠ ᠲᠠᠯᠪᠢᠵᠠᠢ᠃ ︽ᠭᠠᠷ ᠦᠭᠡᠢ ᠠᠨᠵᠧᠯ︾ ᠯᠢ ᡁᠢ | ᠬᠤᠸᠠ ᠪᠠᠭᠰᠢ ᠪᠦᠬᠦ ᠪᠠᠭᠰᠢ ᠰᠤᠷᠤᠭᠴᠢ ᠪᠣᠯᠣᠨ ᠭᠡᠷ ᠤᠨ ᠠᠬᠠᠮᠠᠳ ᠲᠤ ︽ᠠᠮᠢ ᠨᠠᠰᠤ · ᠬᠦᠴᠦᠨ ᠴᠢᠳᠠᠯ︾ ᠢᠶᠠᠷ | ᠭᠤᠣᠯ ᠰᠡᠳᠦᠪ ᠪᠣᠯᠭᠠᠭᠰᠠᠨ ᠤᠷᠮᠠᠰᠢᠭᠤᠯᠤᠨ ᠵᠣᠷᠢᠭᠵᠢᠭᠤᠯᠬᠤ ᠶᠠᠷᠢᠶ᠎ᠠ ᠢᠯᠡᠳᠬᠡᠯ ᠤᠨ ᠬᠤᠷᠠᠯ ᠬᠢᠪᠡ᠃ | ᠨᠢᠭᠡ ᠴᠠᠭ ᠭᠠᠷᠤᠢ ᠶᠢᠨ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠯᠢ ᡁᠢ ᠬᠤᠸᠠ ᠪᠠᠭᠰᠢ ᠥᠪᠡᠷ ᠤᠨ ᠦᠰᠦᠨ | ᠪᠣᠶᠢᠵᠢᠭᠰᠠᠨ ᠦᠨᠡᠨ ᠪᠣᠳᠠᠲᠠᠢ ᠥᠩᠭᠡᠷᠡᠯᠲᠡ ᠪᠠᠷ ᠢᠶᠠᠨ ᠠᠮᠢ ᠨᠠᠰᠤᠨ ᠤ ᠬᠦᠴᠦᠨ ᠴᠢᠳᠠᠯ ᠤᠨ ᠠᠭᠤᠯᠤᠭᠳᠠᠬᠤᠨ ᠢ | ᠲᠠᠶᠢᠯᠪᠤᠷᠢᠯᠠᠪᠠ᠃ ᠯᠢ ᡁᠢ ᠬᠤᠸᠠ ᠪᠠᠭᠰᠢ ᠶᠢᠨ ᠪᠡᠶ᠎ᠡ ᠵᠡᠮᠳᠡᠭ ᠪᠣᠯᠪᠠᠴᠤ ᠵᠣᠷᠢᠭ ᠬᠠᠲᠠᠭᠤ᠂ ᠡᠭᠦᠷᠢᠳᠡ ᠲᠠᠶᠠᠭᠳᠠᠬᠤ | ᠦᠭᠡᠢ ᠵᠠᠩ ᠴᠢᠨᠠᠷ ᠨᠢ ᠪᠠᠭᠰᠢ ᠰᠤᠷᠤᠭᠴᠢᠳ ᠤᠨ ᠴᠢᠩᠭ᠎ᠠ ᠬᠦᠷᠢᠶᠡᠯᠡᠯ ᠢ ᠣᠯᠣᠭᠰᠠᠨ ᠪᠠᠶᠢᠨ᠎ᠠ᠃ ᠢᠳᠡᠪᠬᠢᠲᠡᠢ ᠪᠠᠷ | ᠥᠭᠡᠳᠡᠯᠡᠨ ᠲᠠᠪᠰᠢᠬᠤ ᠰᠡᠳᠬᠢᠯᠭᠡ ᠨᠢ ᠪᠠᠭᠰᠢ ᠰᠤᠷᠤᠭᠴᠢᠳ ᠤᠨ ᠮᠠᠭᠲᠠᠭᠠᠯ ᠪᠠ ᠬᠦᠨᠳᠦᠳᠬᠡᠯ ᠢ ᠣᠯᠵᠠᠢ᠃ | ᠶᠠᠷᠢᠶ᠎ᠠ ᠢᠯᠡᠳᠬᠡᠯ ᠳᠠᠭᠤᠰᠤᠭᠰᠠᠨ ᠤ ᠳᠠᠷᠠᠭ᠎ᠠ᠂ ᠯᠢ ᡁᠢ ᠬᠤᠸᠠ ᠪᠠᠭᠰᠢ ᠲᠤᠬᠠᠢ ᠶᠢᠨ ᠲᠠᠯᠠᠪᠠᠢ ᠳᠤ ︽行胜 | 于言︾ (ᠦᠢᠯᠡ ᠠᠵᠢᠯᠯᠠᠭ᠎ᠠ ᠨᠢ ᠦᠭᠡ ᠶᠠᠷᠢᠶ᠎ᠠ ᠠᠴᠠ ᠡᠷᠬᠢᠮ)ᠭᠡᠬᠦ ᠲᠦᠷᠪᠡᠨ ᠲᠣᠮᠣ ᠥᠰᠥᠭ ᠢ | ᠪᠢᠴᠢᠵᠦ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠪᠡᠯᠡᠭᠯᠡᠵᠡᠢ᠃ ︽行胜于言︾ ᠪᠣᠯ | ᠴᠢᠩᠬᠤᠸᠠ ᠶᠡᠭᠡ ᠰᠤᠷᠭᠠᠭᠤᠯᠢ ᠶᠢᠨ ᠰᠤᠷᠭᠠᠭᠤᠯᠢ ᠶᠢᠨ ᠰᠤᠷᠲᠠᠯ ᠪᠣᠯᠣᠨ᠎ᠠ᠂ ︽ᠦᠢᠯᠡ ᠠᠵᠢᠯᠯᠠᠭ᠎ᠠ ᠨᠢ ᠦᠭᠡ | ᠶᠠᠷᠢᠶ᠎ᠠ ᠠᠴᠠ ᠡᠷᠬᠢᠮ︾ ᠭᠡᠳᠡᠭ ᠨᠢ ᠦᠭᠡ ᠳᠤᠤᠭᠠᠷᠠᠬᠤ ᠦᠭᠡᠢ ᠪᠢᠰᠢ᠂ ᠬᠠᠷᠢᠨ ᠦᠭᠡ ᠶᠠᠷᠢᠶ᠎ᠠ ᠨᠢ ᠵᠠᠪᠠᠯ ᠦᠨᠡᠨ ᠢ | ᠪᠠᠷᠢᠮᠲᠠᠯᠠᠵᠤ᠂ ᠬᠢᠳᠡᠯ ᠢᠶᠠᠷ ᠢᠶᠠᠨ ᠭᠡᠷᠡᠴᠢᠯᠡᠬᠦ ᠶᠢ ᠢᠯᠡᠳᠬᠡᠪᠡ᠃ ᠡᠨᠡ ᠦᠭᠡ ᠨᠢ ᠲᠡᠭᠦᠨ ᠤ ᠬᠤᠶᠠᠷ ᠭᠠᠷ ᠢᠶᠠᠨ | ᠠᠯᠳᠠᠭᠰᠠᠨ ᠤ ᠲᠠᠷᠠᠭ᠎ᠠ᠂ ᠬᠤᠶᠠᠷ ᠬᠥᠯ ᠢᠶᠠᠷ ᠢᠶᠠᠨ ᠬᠤᠶᠠᠷ ᠭᠠᠷ ᠢᠶᠠᠨ ᠣᠷᠣᠯᠠᠭᠤᠯᠤᠨ ᠶᠠᠪᠤᠵᠤ ᠢᠷᠡᠭᠰᠡᠨ | ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠨᠢ ᠮᠥᠨ ᠴᠦ ᠲᠡᠭᠦᠨ ᠤ ᠲᠤᠬᠠᠢ ᠶᠢᠨ ᠲᠠᠯᠠᠪᠠᠢ ᠳᠤ ᠪᠠᠶᠢᠬᠤ ᠪᠠᠭᠰᠢ | ᠰᠤᠷᠤᠭᠴᠢ ᠨᠢᠭᠡᠪᠦᠷᠢ ᠳᠤ ᠥᠭᠭᠦᠭᠰᠡᠨ ᠪᠡᠯᠡᠭ ᠤᠨ ᠦᠭᠡ ︱ᠦᠢᠯᠡ ᠠᠵᠢᠯᠯᠠᠭ᠎ᠠ ᠨᠢ ᠦᠭᠡ ᠬᠡᠯᠡ ᠠᠴᠠ ᠨᠡᠩ | ᠴᠢᠬᠤᠯᠠ᠂ ᠪᠣᠳᠠᠲᠤ ᠠᠵᠢᠯᠯᠠᠭ᠎ᠠ ᠪᠠᠷ ᠢᠶᠠᠨ ᠥᠪᠡᠷ ᠤᠨ ᠬᠦᠰᠡᠯ ᠵᠡᠭᠦᠳᠦ ᠪᠠᠨ ᠬᠥᠭᠡᠭᠡᠴᠡᠯᠳᠦᠬᠦ ᠬᠡᠷᠡᠭᠲᠡᠢ! ᠯᠢ ᡁᠢ | ᠬᠤᠸᠠ ᠪᠠᠭᠰᠢ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ︽ᠰᠤᠷᠭᠠᠭᠤᠯᠢ ᠶᠢᠨ ᠭᠠᠳᠠᠨᠠᠬᠢ | ᠰᠢᠯᠢᠳᠡᠭ ᠬᠠᠪᠰᠤᠷᠤᠨ ᠵᠢᠯᠣᠭᠤᠳᠤᠭᠴᠢ︾ ᠪᠠᠷ ᠵᠢᠩᠬᠢᠨᠢ ᠪᠠᠷ ᠤᠷᠢᠭᠳᠠᠪᠠ᠃ | ᠯᠢ ᡁᠢ ᠬᠤᠸᠠ ᠪᠠᠭᠰᠢ ᠶᠢᠨ ᠡᠷᠡᠰ ᠬᠠᠲᠠᠭᠤ᠂ ᠡᠷᠡᠯᠬᠡᠭᠯᠡᠨ ᠲᠡᠮᠡᠴᠡᠭᠰᠡᠨ᠂ ᠲᠠᠯᠠᠷᠬᠠᠯ ᠤᠨ ᠦᠰᠦᠯᠲᠡ ᠶᠢᠨ | ᠥᠩᠭᠡᠷᠡᠯᠲᠡ ᠨᠢ ᠥᠷᠭᠡᠨ ᠤᠯᠠᠨ ᠪᠠᠭᠰᠢ ᠰᠤᠷᠤᠭᠴᠢᠳ ᠲᠤ ᠠᠮᠢᠵᠢᠷᠠᠯ ᠤᠨ ᠬᠦᠴᠦᠨ ᠤ ᠬᠦᠴᠦᠷᠬᠡᠭ ᠶᠡᠭᠡ ᠬᠠᠳᠠᠨ | ᠵᠣᠷᠢᠭ ᠢ ᠭᠦᠨᠵᠡᠭᠡᠢ ᠮᠡᠳᠡᠷᠡᠭᠦᠯᠪᠡ᠃ ᠲᠡᠳᠡ ᠵᠠᠪᠠᠯ ᠯᠢ ᡁᠢ ᠬᠤᠸᠠ ᠪᠠᠭᠰᠢ ᠠᠴᠠ ᠰᠤᠷᠤᠯᠴᠠᠵᠤ᠂ ᠪᠣᠳᠠᠲᠤ | ᠠᠵᠢᠯᠯᠠᠭ᠎ᠠ ᠪᠠᠷ ᠢᠶᠠᠨ ᠴᠢᠷᠮᠠᠶᠢᠨ ᠲᠡᠮᠡᠴᠡᠵᠦ᠂ ᠪᠠᠶᠠᠯᠢᠭ ᠰᠠᠶᠢᠬᠠᠨ ᠬᠥᠮᠥᠨ ᠤ ᠠᠮᠢᠳᠤᠷᠠᠯ ᠢ ᠪᠢᠴᠢᠭᠯᠡᠵᠦ᠂ ᠬᠥᠮᠥᠨ | ᠨᠢᠭᠡᠪᠦᠷᠢ ᠶᠢᠨ ᠠᠮᠢ ᠨᠠᠰᠤᠨ ᠤ ᠬᠦᠴᠦᠨ ᠴᠢᠳᠠᠯ ᠢ ᠢᠯᠡᠷᠡᠭᠦᠯᠦᠨ᠎ᠡ ᠭᠡᠵᠦ ᠢᠯᠡᠳᠬᠡᠵᠡᠭᠡᠪᠡ᠃ |