ᠴᠢᠩ ᠱᠦᠢ ᠾᠧ ᠰᠢᠶᠠᠨ ᠵᠠᠯᠠᠭᠤ ᠨᠠᠰᠤᠨ ᠤ ᠦᠶ᠎ᠡ ᠶᠢᠨ ᠭᠡᠷ ᠪᠦᠯᠢ ᠶᠢᠨ ᠬᠥᠮᠦᠵᠢᠯ ᠤᠨ ᠲᠠᠶᠢᠯᠤᠮᠵᠢ ᠬᠢᠪᠡ | ᠭᠡᠷ ᠪᠦᠯᠢ ᠶᠢᠨ ᠬᠥᠮᠦᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠡᠷ ᠤᠨ | ᠠᠬᠠᠮᠠᠳ ᠢ ᠬᠠᠪᠰᠤᠷᠤᠨ ᠥᠰᠪᠦᠷᠢ ᠦᠶ᠎ᠡ ᠶᠢᠨ ᠬᠡᠦᠬᠡᠳ ᠤᠨ ᠰᠡᠳᠬᠢᠴᠡ ᠶᠢᠨ ᠪᠠᠶᠢᠳᠠᠯ ᠢ ᠨᠡᠩ ᠪᠦᠲᠦᠮᠵᠢᠲᠡᠶ ᠪᠠᠷ | ᠣᠶᠢᠯᠠᠭᠠᠭᠤᠯᠵᠤ᠂ ᠡᠴᠢᠭᠡ ᠡᠬᠡ ᠦᠷ᠎ᠡ ᠬᠡᠦᠬᠡᠳ ᠤᠨ ᠬᠠᠷᠢᠴᠠᠭ᠎ᠠ ᠶᠢᠨ ᠡᠶ᠎ᠡ ᠵᠣᠬᠢᠴᠠᠯ ᠲᠠᠢ ᠪᠠᠷ ᠬᠦᠭᠵᠢᠬᠦ ᠶᠢ | ᠠᠬᠢᠭᠤᠯᠬᠤ ᠶᠢᠨ ᠲᠤᠰᠠᠳᠠ᠂10ᠰᠠᠷ᠎ᠠ ᠶᠢᠨ16 ᠤ ᠡᠳᠦᠷ ᠠᠴᠠ 17 ᠤ ᠡᠳᠦᠷ ᠪᠣᠯᠲᠠᠯ᠎ᠠ᠂ ᠰᠢᠶᠠᠨ ᠤ | ᠡᠮᠡᠭᠲᠡᠶᠢᠴᠦᠳ ᠤᠨ ᠬᠤᠯᠪᠣᠭᠠᠲᠤ ᠬᠤᠷᠠᠯ ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠠᠮᠲᠤᠷᠠᠨ ︽ᠰᠡᠳᠬᠢᠴᠡ ᠶᠢᠨ | ᠮᠡᠳᠡᠯᠭᠡ ᠶᠢᠨ ᠨᠡᠶᠢᠭᠡᠮᠯᠢᠭ ᠤᠨ ᠰᠤᠷᠭᠠᠨ ᠬᠥᠮᠦᠵᠢᠯ ᠤᠨ ᠰᠤᠷᠭᠠᠭᠤᠯᠢ ᠭᠡᠷ ᠪᠦᠯᠢ ᠨᠡᠶᠢᠭᠡᠮ ᠤᠨ ᠬᠢᠨ ᠬᠠᠮᠵᠢᠯᠴᠠᠨ | ᠬᠥᠮᠥᠨ ᠬᠥᠮᠥᠵᠢᠭᠦᠯᠬᠦ︾ ᠭᠡᠷ ᠪᠦᠯᠢ ᠶᠢᠨ ᠬᠥᠮᠦᠵᠢᠯ ᠤᠨ ᠲᠠᠶᠢᠯᠤᠮᠵᠢ ᠬᠢᠪᠡ᠃ ᠤᠯᠤᠰ ᠤᠨ ᠬᠤᠶᠠᠳᠤᠭᠠᠷ ᠳᠡᠰ ᠤᠨ | ᠰᠡᠳᠬᠢᠴᠡ ᠶᠢᠨ ᠵᠦᠪᠳᠡᠭᠴᠢ ᠮᠢ ᡁᠢ ᠮᠢᠨ ᠢ ᠤᠷᠢᠵᠤ ᠶᠠᠷᠢᠶ᠎ᠠ ᠲᠠᠯᠪᠢᠭᠤᠯᠵᠤ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ 1000 ᠰᠢᠬᠠᠮ ᠰᠤᠷᠤᠭᠴᠢ ᠶᠢᠨ ᠭᠡᠷ ᠤᠨ ᠠᠬᠠᠮᠠᠳ ᠲᠠᠶᠢᠯᠤᠮᠵᠢ ᠶᠢ ᠰᠤᠨᠤᠰᠴᠠᠢ᠃ | ᠮᠢ ᠪᠠᠭᠰᠢ ᠠᠴᠠ ᠭᠡᠷ ᠤᠨ ᠠᠬᠠᠮᠠᠳ ᠬᠡᠷᠬᠢᠨ ᠦᠵᠡᠯᠲᠡ ᠲᠠᠨᠢᠯᠲᠠ ᠪᠠᠨ ᠲᠣᠬᠢᠷᠠᠭᠤᠯᠬᠤ᠂ ᠲᠤᠷᠰᠢᠨ | ᠲᠣᠬᠢᠷᠠᠭᠤᠯᠬᠤ ᠠᠷᠭ᠎ᠠ ᠮᠠᠶ᠋ᠢᠭ ᠪᠠ ᠥᠰᠪᠦᠷᠢ ᠦᠶ᠎ᠡ ᠶᠢᠨ ᠬᠡᠦᠬᠡᠳ ᠲᠠᠢ ᠪᠠᠨ ᠰᠠᠶᠢᠨ ᠰᠠᠶᠢᠬᠠᠨ ᠡᠴᠢᠭᠡ ᠡᠬᠡ ᠦᠷ᠎ᠡ | ᠬᠡᠦᠬᠡᠳ ᠤᠨ ᠬᠠᠷᠢᠴᠠᠭ᠎ᠠ ᠪᠠᠶᠢᠭᠤᠯᠬᠤ ᠲᠤᠬᠠᠢ ᠲᠠᠶᠢᠯᠪᠤᠷᠢᠯᠠᠨ ᠥᠭᠴᠦ᠂ ᠬᠡᠷᠬᠢᠨ ︽ᠠᠰᠠᠭᠤᠨ ᠰᠣᠨᠣᠰᠴᠤ᠂ | ᠵᠣᠷᠢᠭᠵᠢᠭᠤᠯᠬᠤ ᠪᠠ ᠰᠠᠶᠢᠰᠢᠶᠠᠬᠤ᠂ ᠰᠢᠭᠦᠮᠵᠢᠯᠡᠬᠦ︾ ᠠᠷᠭ᠎ᠠ ᠪᠠᠷ ᠥᠰᠪᠦᠷᠢ ᠦᠶ᠎ᠡ ᠶᠢᠨ ᠬᠡᠦᠬᠡᠳ ᠲᠠᠢ ᠰᠠᠨᠠᠯ ᠢᠶᠠᠨ | ᠰᠣᠯᠢᠯᠴᠠᠵᠤ᠂ ᠬᠡᠦᠬᠡᠳ ᠤᠨ ᠥᠰᠪᠦᠷᠢ ᠦᠶ᠎ᠡ ᠪᠠᠨ ᠤᠷᠤᠭᠰᠢᠲᠠᠢ ᠥᠩᠭᠡᠷᠡᠭᠦᠯᠬᠦ ᠳᠤ ᠬᠦᠴᠦᠨ ᠨᠡᠮᠡᠷᠢᠯᠡᠬᠦ ᠲᠤᠬᠠᠢ | ᠲᠣᠳᠣᠷᠬᠠᠶᠢᠯᠠᠨ ᠥᠭᠦᠯᠡᠭᠰᠡᠨ ᠪᠠᠶᠢᠨ᠎ᠠ᠃ ᠭᠡᠷ ᠤᠨ ᠠᠬᠠᠮᠠᠳ ᠲᠤ ᠬᠡᠦᠬᠡᠳ ᠤᠨ ᠢᠶᠠᠨ ᠥᠰᠪᠦᠷᠢ ᠦᠶ᠎ᠡ ᠶᠢᠨ | ᠲᠤᠬᠠᠢ ᠨᠡᠩ ᠪᠦᠬᠦ ᠲᠠᠯ᠎ᠠ ᠶᠢᠨ ᠪᠥᠭᠡᠳ ᠭᠦᠨᠵᠡᠭᠡᠢ ᠣᠶᠢᠯᠠᠭᠠᠯᠲᠠ ᠲᠠᠢ ᠪᠣᠯᠭᠠᠵᠤ᠂ ᠥᠰᠪᠦᠷᠢ ᠦᠶ᠎ᠡ ᠳᠤ ᠪᠠᠶᠢᠭ᠎ᠠ | ᠬᠡᠦᠬᠡᠳ ᠲᠠᠢ ᠬᠡᠷᠬᠢᠨ ᠵᠥᠪ ᠣᠨᠣᠪᠴᠢᠲᠠᠶ ᠪᠠᠷ ᠰᠠᠨᠠᠯ ᠢᠶᠠᠨ ᠰᠣᠯᠢᠯᠴᠠᠨ ᠨᠡᠪᠲᠡᠷᠡᠯᠴᠡᠬᠦ ᠶᠢ ᠣᠶᠢᠯᠠᠭᠠᠭᠤᠯᠵᠤ᠂ ᠭᠡᠷ | ᠪᠦᠯᠢ ᠶᠢᠨ ᠬᠥᠮᠦᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠥᠰᠪᠦᠷᠢ ᠦᠶ᠎ᠡ ᠳᠤ ᠪᠠᠶᠢᠭ᠎ᠠ ᠬᠡᠦᠬᠡᠳ ᠢ ᠡᠷᠡᠭᠦᠯ | ᠴᠢᠭᠢᠷᠠᠭ ᠪᠠᠶᠠᠷ ᠬᠥᠷ ᠲᠠᠢ ᠥᠰᠬᠡᠨ ᠪᠣᠶᠢᠵᠢᠭᠤᠯᠬᠤ ᠶᠢ ᠣᠶᠢᠯᠠᠭᠠᠭᠤᠯᠵᠠᠢ᠃ | ᠲᠣᠰ ᠤᠳᠠᠭᠠᠨ ᠤ ᠲᠠᠶᠢᠯᠤᠮᠵᠢ ᠪᠣᠯ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠭᠡᠷ | ᠪᠦᠯᠢ ᠶᠢᠨ ᠬᠥᠮᠦᠵᠢᠯ ᠤᠨ ᠠᠵᠢᠯ ᠢ ᠲᠦᠯᠬᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠶᠢᠨ ᠨᠢᠭᠡ ᠪᠣᠯᠣᠨ᠎ᠠ᠂ | ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠪᠠᠨ ᠦᠷᠭᠦᠯᠵᠢᠯᠡᠨ | ᠴᠢᠩᠭᠠᠳᠬᠠᠵᠤ᠂ ᠨᠠᠩ ᠣᠯᠠᠨ ᠭᠡᠷ ᠪᠦᠯᠢ ᠶᠢᠨ ᠲᠠᠶᠢᠯᠤᠮᠵᠢ ᠪᠠ ᠠᠵᠢᠯᠯᠠᠭ᠎ᠠ ᠥᠷᠨᠢᠭᠦᠯᠵᠦ᠂ ᠥᠷᠭᠡᠨ ᠣᠯᠠᠨ | ᠭᠡᠷ ᠤᠨ ᠠᠬᠠᠮᠠᠳ ᠲᠤ ᠨᠠᠩ ᠪᠥᠬᠦ ᠲᠠᠯ᠎ᠠ ᠶᠢᠨ ᠪᠠ ᠲᠤᠰᠬᠠᠢ ᠮᠡᠷᠭᠡᠵᠢᠯ ᠤᠨ ᠭᠡᠷ ᠪᠦᠯᠢ ᠶᠢᠨ ᠬᠥᠮᠦᠵᠢᠯ ᠤᠨ | ᠵᠢᠯᠣᠭᠤᠳᠤᠯᠭ᠎ᠠ ᠶᠢᠨ ᠦᠢᠯᠡᠴᠢᠯᠡᠭᠡ ᠬᠠᠩᠭᠠᠵᠤ᠂ ᠪᠥᠬᠦ ᠰᠢᠶᠠᠨ ᠤ ᠭᠡᠷ ᠪᠦᠯᠢ ᠶᠢᠨ ᠬᠥᠮᠦᠵᠢᠯ ᠤᠨ ᠠᠵᠢᠯ ᠤᠨ ᠨᠠᠩ | ᠰᠠᠶᠢᠨ ᠬᠥᠭᠵᠢᠬᠦ ᠶᠢ ᠬᠠᠮᠲᠤ ᠪᠠᠷ ᠲᠦᠯᠬᠢᠨ ᠠᠬᠢᠭᠤᠯᠤᠨ᠎ᠠ᠃ |