ᠣᠶᠢᠷ᠎ᠠ ᠳᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ | ᠴᠧᠨ ᠬᠤᠷᠴᠠ ᠲᠢᠶᠠᠨ ᠲᠠᠢ ᠬᠢᠮᠢ ᠶᠢᠨ ᠠᠵᠤ ᠦᠢᠯᠡᠳᠪᠦᠷᠢ᠂ ᠱᠧᠩ ᠯᠢ ᠬᠤᠩ ᠬᠤᠸᠠ᠂ ᠢ ᠾᠦᠢ ᠳ᠋ᠧ | ᠨᠡᠭᠦᠷᠡᠰᠦᠨ ᠤ ᠪᠠᠷᠠᠭᠠᠨ ᠤ ᠭᠦᠢᠯᠭᠡᠭᠡ᠂ ᠦ᠋ ᠯᠢᠩ ᠴᠠᠬᠢᠯᠭᠠᠨ ᠬᠦᠴᠦᠨ ᠤ ᠱᠤᠸᠠᠩ ᠵᠢᠩ ᠽᠢ ᠰᠠᠯᠬᠢᠨ ᠬᠦᠴᠦᠨ ᠤ | ᠴᠠᠬᠢᠯᠭᠠᠨ ᠤ ᠲᠠᠯᠠᠪᠠᠢ ᠵᠡᠷᠭᠡ ᠠᠵᠤ ᠠᠬᠤᠶᠢᠯᠠᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠠᠵᠤ | ᠠᠬᠤᠶᠢᠯᠠᠯ ᠤᠨ ᠬᠥᠭᠵᠢᠯᠲᠡ ᠶᠢᠨ ᠬᠦᠰᠡᠯ ᠱᠠᠭᠠᠷᠳᠠᠯᠭ᠎ᠠ ᠶᠢ ᠰᠣᠨᠣᠰᠴᠤ᠂ ᠠᠵᠤ ᠠᠬᠤᠶᠢᠯᠠᠯ ᠤᠨ ᠬᠦᠴᠢᠷᠳᠡᠯ ᠢ | ᠰᠢᠢᠳᠪᠦᠷᠢᠯᠡᠨ ᠥᠭᠴᠦ᠂ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠳᠤ ᠬᠦᠴᠦᠨ ᠨᠡᠮᠡᠷᠢᠯᠡᠪᠡ᠃ | ᠬᠦᠷᠦᠭᠰᠡᠨ ᠭᠠᠵᠠᠷ ᠪᠣᠯᠭᠠᠨ ᠳᠤ᠂ ᠴᠧᠨ ᠬᠤᠷᠴᠠ ᠠᠵᠤ ᠠᠬᠤᠶᠢᠯᠠᠯ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠢᠯ ᠲᠦᠷᠦᠯ ᠤᠨ ᠣᠳᠣᠬᠢ ᠪᠠᠶᠢᠳᠠᠯ ᠢ ᠭᠦᠨᠵᠡᠭᠡᠢ | ᠤᠶᠢᠯᠠᠭᠠᠨᠰᠠᠨᠠᠯ ᠰᠠᠨᠠᠭᠤᠯᠭ᠎ᠠ ᠶᠢ ᠰᠣᠨᠣᠰᠬᠤ ᠶᠢᠨ ᠬᠠᠮᠲᠤ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ | ᠪᠣᠯᠣᠨ ᠬᠦᠰᠡᠯ ᠱᠠᠭᠠᠷᠳᠠᠯᠭ᠎ᠠ ᠶᠢᠨ ᠲᠤᠬᠠᠢ ᠲᠤᠬᠠᠢ ᠶᠢᠨ ᠲᠠᠯᠠᠪᠠᠢ ᠶᠢᠨ ᠠᠵᠢᠯ ᠤᠨ ᠬᠤᠷᠠᠯ ᠬᠤᠷᠠᠯᠳᠤᠭᠤᠯᠵᠤ᠂ | ᠰᠢᠢᠳᠪᠦᠷᠢᠯᠡᠬᠦ ᠠᠷᠭ᠎ᠠ ᠶᠢ ᠰᠤᠳᠤᠯᠵᠠᠢ᠃ | ᠴᠧᠨ ᠬᠤᠷᠴᠠ ᠡᠯ᠎ᠡ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ | ᠤᠳᠤᠬᠢ ᠰᠠᠭᠤᠷᠢ ᠳᠠᠭᠠᠨ ᠰᠠᠭᠤᠷᠢᠯᠠᠨ᠂ ᠠᠯᠤᠰ ᠬᠡᠳᠤ ᠶᠢᠨ ᠬᠥᠭᠵᠢᠯᠲᠡ ᠶᠢ ᠪᠣᠳᠣᠯᠬᠢᠯᠠᠵᠤ᠂ ᠪᠠᠶᠢᠷᠢ | ᠲᠣᠭᠲᠠᠭᠠᠯᠲᠠ ᠪᠠᠨ ᠤᠯᠠᠮ ᠴᠢᠨᠠᠭᠰᠢᠳᠠ ᠣᠨᠣᠪᠴᠢᠲᠠᠢ ᠣᠯᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠵᠠᠬ᠎ᠠ | ᠳᠡᠯᠭᠡᠭᠦᠷ ᠢ ᠥᠷᠭᠡᠳᠬᠡᠵᠦ᠂ ᠬᠡᠯᠬᠢᠶ᠎ᠡ ᠪᠠᠨ ᠤᠷᠲᠤᠳᠬᠠᠵᠤ᠂ ᠠᠵᠤ ᠠᠬᠤᠶᠢᠯᠠᠯ ᠤᠨ ᠲᠤᠰ ᠪᠡᠶ᠎ᠡ ᠶᠢᠨ ᠭᠤᠣᠯᠯᠠᠭᠴᠢ | ᠥᠷᠢᠰᠦᠯᠳᠦᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠢᠯᠡᠳᠬᠦᠨ ᠤ ᠦᠷᠳᠡᠭ ᠢᠶᠠᠨ | ᠨᠡᠮᠡᠭᠳᠡᠭᠦᠯᠬᠦ ᠬᠡᠷᠡᠭᠲᠡᠢ ᠭᠡᠵᠦ ᠵᠣᠷᠢᠭᠵᠢᠭᠤᠯᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ | ᠠᠬᠤᠶᠢᠯᠠᠯ ᠤᠨ ᠬᠥᠭᠵᠢᠯᠲᠡ ᠪᠠᠨ ᠲᠦᠷᠭᠡᠳᠬᠡᠬᠦ ᠳᠤ ᠦᠢᠯᠡᠴᠢᠯᠡᠵᠦ᠂ ᠠᠵᠤ ᠠᠬᠤᠶᠢᠯᠠᠯ ᠤᠨ ᠬᠦᠰᠡᠯ | ᠱᠠᠭᠠᠷᠳᠠᠯᠭ᠎ᠠ ᠶᠢ ᠢᠳᠡᠪᠬᠢᠲᠡᠢ ᠪᠦᠭᠡᠳᠰᠠᠨᠠᠭᠠᠴᠢᠯᠠᠭᠠ ᠠᠴᠠ ᠪᠠᠨᠣᠶᠢᠯᠠᠭᠠᠵᠤ᠂ ᠠᠵᠤ ᠠᠬᠤᠶᠢᠯᠠᠯ ᠤᠨ | ᠬᠥᠭᠵᠢᠯᠲᠡ ᠶᠢᠨ ᠬᠦᠴᠦᠷᠬᠡᠭ ᠲᠦᠰᠢᠭ ᠲᠤᠯᠭᠠᠭᠤᠷᠢ ᠪᠣᠯᠵᠤ᠂ ᠨᠡᠩ ᠴᠢᠨᠠᠷ ᠰᠠᠶᠢᠲᠠᠢ ᠬᠤᠳᠠᠯᠳᠤᠭ᠎ᠠ ᠡᠵᠡᠩᠨᠡᠬᠦ | ᠣᠷᠴᠢᠨ ᠨᠦᠭᠦᠴᠡᠯ ᠢ ᠬᠦᠴᠦᠯᠡᠨ ᠪᠤᠢ ᠪᠣᠯᠭᠠᠵᠤ᠂ ᠠᠵᠤ ᠠᠬᠤᠶᠢᠯᠠᠯ ᠢ ᠬᠠᠮᠵᠢᠨ ᠲᠦᠷᠦᠯ ᠵᠦᠢᠯ ᠤᠨ ᠡᠮᠦᠨᠡᠬᠢ | ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ᠂ ᠦᠢᠯᠡᠳᠬᠦᠨ ᠪᠣᠷᠣᠯᠠᠭᠤᠯᠬᠤ ᠵᠡᠷᠭᠡ ᠠᠵᠢᠯ ᠢ ᠰᠠᠶᠢᠲᠤᠷ | ᠬᠢᠵᠦ᠂ ᠠᠵᠤ ᠠᠬᠤᠶᠢᠯᠠᠯ ᠢ ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠡᠵᠡᠩᠨᠡᠬᠦ᠂ ᠰᠡᠳᠬᠢᠯ ᠲᠠᠯᠪᠢᠨ | ᠦᠢᠯᠡᠰ ᠪᠣᠰᠬᠠᠬᠤ ᠵᠡᠷᠭᠡ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠵᠦ᠂ ᠦᠢᠯᠡᠳᠪᠦᠷᠢᠯᠡᠯ ᠤᠨ ᠱᠤᠭᠤᠮ ᠤᠨ ᠦᠢᠯᠡᠳᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠠᠵᠢᠯᠲᠠᠨ ᠤ ᠠᠮᠤᠷ ᠲᠦᠪᠰᠢᠨ ᠤ ᠬᠡᠪ ᠴᠢᠨᠠᠷ ᠢ | ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | |