︵ᠰᠤᠷᠪᠤᠯᠵᠢᠯᠠᠭᠴᠢ ᠶᠦᠨ ᠶᠠᠨ ᠹᠠᠩ︶ 1—8 ᠳ᠋ᠤᠭᠠᠷ ᠰᠠᠷ᠎ᠠ ᠳᠤ᠂ ᠬᠥᠬᠡᠬᠤᠲᠠ ᠶᠢᠨ ᠪᠣᠬᠢᠷᠲᠤᠯ ᠦᠭᠡᠢ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠨᠢ ᠠᠵᠤ | ᠦᠢᠯᠡᠳᠪᠦᠷᠢ ᠶᠢᠨ ᠦᠢᠯᠡᠳᠬᠦᠨ ᠤ ᠥᠷᠲᠡᠭ ᠢ 301.34 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠦᠬᠦ | ᠬᠤᠲᠠ ᠶᠢᠨ ᠠᠵᠤ ᠦᠢᠯᠡᠳᠪᠦᠷᠢ ᠶᠢᠨ ᠬᠤᠪᠢ ᠶᠢᠨ ᠵᠢᠩ ᠤᠨ 17.8% ᠶᠢ ᠡᠵᠡᠯᠡᠵᠦ᠂ ᠬᠥᠬᠡᠬᠤᠲᠠ ᠶᠢᠨ ᠠᠵᠤ | ᠦᠢᠯᠡᠰ ᠤᠨ ᠬᠥᠭᠵᠢᠯᠲᠡ ᠶᠢᠨ ᠬᠦᠴᠦᠲᠡᠢ ᠲᠤᠯᠭᠠᠭᠤᠷᠢᠯᠠᠯ ᠪᠤᠯᠵᠠᠢ᠃ | ᠡᠨᠡ ᠵᠢᠯ ᠠᠴᠠ ᠨᠠᠭᠠᠰᠢ᠂ ᠬᠥᠬᠡᠬᠤᠲᠠ ᠶᠢᠨ ᠰᠠᠢ ᠺᠧ ᠰᠢᠩ ᠮᠠᠯ ᠠᠵᠤ ᠠᠬᠤᠢ ᠶᠢᠨ ᠬᠤᠶᠠᠳᠤᠭᠠᠷ | ᠬᠤᠭᠤᠴᠠᠭᠠᠨ ᠤ 4000 ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠦᠷᠦᠯ ᠵᠦᠢᠯ᠂ ᠮᠧᠩ ᠼᠤᠤ ᠠᠮᠢ | ᠠᠬᠤᠢ ᠣᠷᠴᠢᠨ ᠲᠣᠭᠤᠷᠢᠨ ᠤ ᠪᠦᠯᠦᠭᠯᠡᠯ ᠤᠨ ᠬᠠᠷᠭᠠᠨ᠎ᠠ ᠶᠢᠨ ᠲᠡᠵᠢᠭᠡᠯ ᠪᠣᠷᠳᠤᠭ᠎ᠠ ᠡᠳ᠋ᠰᠢᠭᠦᠯᠬᠦ ᠲᠦᠷᠦᠯ ᠵᠦᠢᠯ᠂ | ᠥᠪᠥᠷ ᠮᠣᠩᠭᠤᠯ ᠤᠨ ᠡᠷᠳᠡᠨᠢᠬᠠᠨᠳᠠ ᠢᠳᠡᠭᠡᠨ ᠤ ᠺᠣᠮᠫᠠᠨᠢ ᠶᠢᠨ ᠦᠬᠡᠷ ᠬᠤᠨᠢᠨ ᠮᠢᠬ᠎ᠠ ᠶᠢ ᠨᠠᠷᠢᠯᠢᠭ ᠡᠳ᠋ᠰᠢᠭᠦᠯᠬᠦ | ᠵᠢᠴᠢ ᠴᠠᠭᠠᠨ ᠢᠳᠡᠭᠡᠨ ᠤ ᠲᠦᠷᠦᠯ ᠵᠦᠢᠯ᠂ ᠢ ᠳ᠋ᠢᠶᠠᠨ ᠶᠤᠸᠠᠨ ᠤᠮᠳᠠᠭᠠᠨ ᠤ 5 ᠲᠦᠮᠡᠨ ᠲᠣᠨ ᠵᠢᠮᠢᠰ ᠢᠳᠡᠰᠢᠨ | ᠨᠣᠭᠤᠭ᠎ᠠ ᠶᠢᠨ ᠰᠢᠭᠦᠰᠦ ᠶᠢ ᠪᠣᠯᠪᠠᠰᠤᠷᠠᠭᠤᠯᠤᠨ ᠰᠠᠪᠠᠯᠠᠬᠤ ᠲᠦᠷᠦᠯ ᠵᠦᠢᠯ᠂ ᠬᠥᠬᠡᠬᠤᠲᠠ ᠶᠢᠨ ᠤᠯᠠᠨ ᠤᠯᠤᠰ ᠤᠨ | ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠪ ︵ᠮᠢᠩ ᠫᠢᠨ ᠹᠦ᠋︶ ᠵᠡᠷᠭᠡ 113 ᠲᠦᠷᠦᠯ ᠵᠦᠢᠯ ᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠬᠤ ᠶᠢ ᠭᠤᠣᠯᠳᠠᠯᠭ᠎ᠠ ᠲᠠᠢ ᠠᠬᠢᠭᠤᠯᠵᠤ᠂ ᠨᠡᠶᠢᠲᠡ 66.82 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠰᠦ ᠶᠢᠨ ᠦᠢᠯᠡᠰ᠂ ᠲᠡᠵᠢᠭᠡᠯ ᠡᠪᠡᠰᠦ ᠪᠣᠷᠳᠤᠭ᠎ᠠ᠂ | ᠮᠢᠬᠠᠨ ᠤ ᠵᠦᠢᠯ᠂ ᠡᠯᠳᠡᠪ ᠠᠮᠤ ᠵᠡᠷᠭᠡ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ | ᠴᠢᠳᠠᠪᠤᠷᠢ ᠶᠢ ᠳᠡᠭᠡᠭᠰᠢᠯᠡᠭᠦᠯᠵᠦ᠂ ᠳᠡᠭᠡᠳᠦ ᠳᠤᠤᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢᠨ ᠲᠡᠰ | ᠳᠡᠪᠰᠢᠬᠦ ᠶᠢ ᠨᠡᠩ ᠳᠠᠶᠢᠴᠢᠯᠠᠭᠰᠠᠨ ᠪᠠᠶᠢᠨ᠎ᠠ᠃ | ᠡᠭᠦᠨ ᠠᠴᠠ ᠭᠠᠳᠠᠨ᠎ᠠ᠂ ᠰᠢᠨ᠎ᠡ ᠪᠠᠷ ᠭᠡᠷ᠎ᠡ ᠲᠣᠭᠲᠠᠭᠰᠠᠨ ᠮᠧᠩ ᠨᠢᠦ ᠵᠢᠵᠢᠭ ᠪᠠᠯᠭᠠᠰᠤ ᠪᠣᠯᠤᠨ ᠶᠡᠷᠦᠩᠬᠡᠶ | ᠬᠡᠯᠲᠡᠰ ᠤᠨ ᠢᠷᠡᠭᠡᠳᠦᠶ ᠶᠢᠨ ᠬᠦᠷᠢᠶᠡᠯᠡᠩ ᠤᠨ ᠲᠥᠷᠥᠯ ᠵᠦᠢᠯ᠂ ᠦᠴᠤᠸᠠᠨ ᠰᠢᠶᠠᠨ ᠤ ᠯᠢ ᠴᠢᠶᠠᠨ | ᠶᠡᠷᠦᠩᠬᠡᠶᠢᠯᠡᠭᠰᠡᠨ ᠠᠮᠢ ᠠᠬᠤᠶ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠵᠡᠷᠭᠡ 53 ᠴᠢᠬᠤᠯᠠ | ᠶᠡᠭᠡ ᠲᠥᠷᠥᠯ ᠵᠦᠢᠯ ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠶᠢᠨ ᠬᠡᠮᠵᠢᠶ᠎ᠡ 101 ᠳ᠋ᠦᠩᠰᠢᠭᠤᠷ | ᠲᠥᠭᠦᠷᠢᠭ ᠲᠤ ᠬᠦᠷᠴᠦ᠂ ᠠᠵᠤ ᠦᠢᠯᠡᠰ ᠤᠨ ᠪᠦᠭᠡᠮᠨᠡᠷᠡᠯ ᠤᠨ ᠢᠷᠡᠭᠡᠳᠦᠶ ᠶᠢᠨ ᠬᠥᠭᠵᠢᠯᠲᠡ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠵᠡᠢ᠃ |