ᠴᠢᠩ ᠱᠦᠢ ᠾᠧ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠨᠠᠮ ᠤᠨ  ᠭᠡᠰᠢᠭᠦᠳ‌‍ᠦᠨ ᠶᠡᠭᠡ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/1
    10 ᠰᠠᠷ᠎ᠠ ᠶᠢᠨ 22 ᠤ ᠡᠳᠦᠷ᠂ ᠴᠢᠩ ᠱᠦᠢ ᠾᠧ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠨᠠᠮ ᠤᠨ ᠭᠡᠰᠢᠭᠦᠳ ᠤᠨ ᠶᠡᠭᠡ ᠬᠤᠷᠠᠯ  ᠢ ᠬᠤᠷᠠᠯᠳᠤᠭᠤᠯᠵᠤ᠂ ᠲᠣᠪᠴᠢᠶᠠᠨ ᠤ ᠨᠠᠮ ᠤᠨ ᠡᠭᠦᠷ ᠤᠨ ᠱᠦᠵᠢ ᠺᠠᠩ ᠵᠢᠶᠠᠨ ᠵᠢᠶᠦ᠋ᠨ ᠬᠤᠷᠠᠯ ᠢ ᠡᠷᠭᠢᠯᠡᠵᠦ᠂ ᠪᠦᠭᠦ ᠨᠠᠮ ᠤᠨ ᠭᠡᠰᠢᠭᠦᠨ ᠺᠠᠳ᠋ᠷᠴᠤᠳ ᠬᠤᠷᠠᠯ ᠳᠤ ᠣᠷᠣᠯᠴᠠᠪᠠ᠃     ᠺᠠᠩ ᠵᠢᠶᠠᠨ ᠵᠢᠶᠦ᠋ᠨ ᠨᠥᠬᠦᠷ ᠲᠦᠷᠦᠭᠦᠯᠡᠨ《ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠠᠴᠠ ︿ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠷᠢ ᠲᠡᠩᠴᠡᠬᠦ ᠦᠭᠡᠢ ᠨᠠᠮ ᠤᠨ  ᠭᠡᠰᠢᠭᠦᠳ ᠤᠨ ᠵᠣᠬᠢᠶᠠᠨ ᠪᠠᠶᠢᠭᠤᠯᠵᠤ ᠰᠢᠢᠳᠪᠦᠷᠢᠯᠡᠬᠦ ᠠᠷᠭ᠎ᠠ﹀》 ᠶᠢ ᠳᠠᠷᠤᠮᠠᠯᠯᠠᠨ ᠲᠠᠷᠬᠠᠭᠠᠪᠠ᠂ ᠬᠤᠸᠠᠩ ᠴᠢ ᠯᠦᠩ ᠨᠥᠬᠦᠷ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠪᠣᠯᠣᠨ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠬᠠᠮᠲᠤᠷᠠᠨ《ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠵᠢᠵᠢᠭᠦᠷ ᠤᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ  ᠵᠠᠷᠯᠠᠯ》 ᠢ ᠤᠩᠰᠢᠨ ᠨᠡᠶᠢᠲᠡᠯᠡᠭᠰᠡᠨ ᠪᠥᠭᠡᠳ《ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ》 ᠤᠨ ᠵᠢᠷᠭᠤᠳᠤᠭᠠᠷ ᠬᠡᠰᠡᠭ ᠢ  ᠳᠠᠭᠠᠭᠤᠯᠤᠨ ᠰᠤᠷᠤᠯᠴᠠᠪᠠ᠄ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠦᠨ᠎ᠡ᠂ ᠳᠣᠯᠣᠳᠤᠭᠠᠷ ᠬᠡᠰᠡᠭ᠄ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠪᠥᠬᠦ ᠬᠥᠮᠥᠰ ᠪᠠᠰᠠ ᠲᠤᠰᠬᠠᠢ ᠰᠡᠳᠦᠪᠲᠦ ᠸᠢᠳᠢᠤ᠋ ᠶᠢ ᠲᠥᠪᠯᠡᠷᠡᠭᠦᠯᠦᠨ ᠦᠵᠡᠬᠦ ᠬᠡᠯᠪᠡᠷᠢ ᠪᠠᠷ ᠳᠠᠮᠵᠢᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠯᠢ ᠣᠯᠠᠨ ᠴᠢᠬᠤᠯᠠ ᠶᠠᠷᠢᠶᠠᠨ ᠤ ᠠᠭᠤᠯᠤᠭᠳᠠᠬᠤᠨ ᠪᠠ ᠮᠥᠨ ᠴᠢᠨᠠᠷ ᠢ ᠨᠠᠩ ᠭᠦᠨᠵᠡᠭᠡᠢ ᠣᠶᠢᠯᠠᠭᠠᠨ ᠣᠨᠣᠪᠴᠢᠲᠠᠶ  ᠡᠵᠡᠮᠰᠢᠭᠰᠡᠨ ᠪᠠᠶᠢᠨ᠎ᠠ᠃     ᠬᠤᠷᠠᠯ ᠠᠴᠠ᠂ ᠪᠦᠬᠦ ᠨᠠᠮ ᠤᠨ ᠭᠡᠰᠢᠭᠦᠨ ᠺᠠᠲᠠᠷᠴᠤᠳ ᠡᠷᠬᠡᠪᠰᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠭᠡᠷᠡᠴᠢᠯᠡᠯᠲᠡ ᠨᠡᠭᠡᠭᠡᠯᠲᠡ ᠶᠢᠨ ᠲᠤᠭ ᠢ ᠥᠨᠳᠥᠷ ᠮᠠᠨᠳᠤᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1