︵ᠰᠤᠷᠪᠤᠯᠵᠢᠯᠠᠭᠴᠢ ᠯᠢᠦ ᠯᠢ ᠰᠢᠶᠠ︶ ᠰᠤᠷᠪᠤᠯᠵᠢᠯᠠᠭᠴᠢ 20 ᠤ ᠡᠳᠦᠷ ᠬᠤᠲᠠ ᠶᠢᠨ ᠲᠤᠭ᠎ᠠ | ᠪᠦᠷᠢᠳᠭᠡᠯ ᠤᠨ ᠲᠣᠪᠴᠢᠶᠠᠨ ᠠᠴᠠ ᠣᠶᠢᠯᠠᠭᠠᠵᠤ ᠮᠡᠳᠡᠭᠰᠡᠨ ᠨᠢ᠂ 1 ᠳ᠋ᠦ᠋ᠭᠡᠷ ᠰᠠᠷ᠎ᠠ ᠠᠴᠠ 10 ᠳ᠋ᠤᠭᠠᠷ ᠰᠠᠷ᠎ᠠ | ᠪᠣᠯᠲᠠᠯ᠎ᠠ᠂ ᠬᠥᠬᠡᠬᠤᠲᠠ ᠶᠢᠨ ᠠᠵᠤ ᠠᠬᠤᠢ ᠶᠢᠨ ᠠᠵᠢᠯᠯᠠᠭᠠᠨ ᠲᠣᠭᠲᠠᠭᠤᠨ ᠢᠶᠠᠷ ᠳᠡᠭᠡᠭᠰᠢᠯᠡᠵᠦ᠂ ᠠᠵᠤ | ᠠᠬᠤᠢ ᠶᠢᠨ ᠳᠡᠭᠡᠭᠰᠢᠯᠡᠬᠦ ᠬᠠᠨᠳᠤᠰᠢ ᠪᠠᠬᠢᠵᠢᠨ ᠨᠡᠮᠡᠭᠳᠡᠵᠦ᠂ ᠴᠢᠨᠠᠷ ᠰᠠᠢᠲᠠᠢ ᠬᠥᠭᠵᠢᠯᠲᠡ ᠪᠠᠲᠤᠲᠠᠢ ᠠᠬᠢᠪᠠ᠃ | ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ ᠭᠤᠤᠯᠳᠠᠯᠭ᠎ᠠ ᠲᠠᠢ ᠠᠵᠢᠯ | ᠲᠥᠷᠥᠯ ᠤᠨ ᠬᠤᠪᠢ ᠨᠡᠮᠡᠷᠢ ᠲᠣᠪᠤᠶᠢᠮ᠎ᠠ᠃ 1 ᠳ᠋ᠦ᠋ᠭᠡᠷ ᠰᠠᠷ᠎ᠠ ᠠᠴᠠ 10 ᠳ᠋ᠤᠭᠠᠷ ᠰᠠᠷ᠎ᠠ ᠪᠣᠯᠲᠠᠯ᠎ᠠ᠂ ᠪᠦᠬᠦ | ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 9.1% ᠪᠠᠷ ᠨᠡᠮᠡᠭᠳᠡᠪᠡ᠃ ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠪᠥᠬᠦ | ᠬᠤᠲᠠ ᠳᠤ ᠨᠢᠭᠡᠳᠦᠯᠲᠡᠶ ᠵᠢᠭᠰᠠᠭᠠᠭᠰᠠᠨ 29 ᠶᠡᠭᠡ ᠲᠥᠷᠥᠯ ᠤᠨ ᠳᠣᠲᠣᠷ᠎ᠠ᠂ 19 ᠠᠵᠢᠯ ᠲᠥᠷᠥᠯ ᠤᠨ ᠨᠡᠮᠡᠭᠳᠡᠯ | ᠥᠷᠲᠡᠭ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠠᠵᠢᠯ ᠲᠥᠷᠥᠯ ᠤᠨ ᠨᠡᠮᠡᠭᠳᠡᠯ ᠤᠨ ᠬᠡᠪᠴᠢᠶ᠎ᠡ ᠨᠢ | 65.5% ᠪᠣᠯᠤᠨ᠎ᠠ᠃ ᠭᠤᠣᠯᠳᠠᠯᠭ᠎ᠠ ᠲᠠᠢ ᠠᠵᠢᠯ ᠲᠥᠷᠥᠯ ᠤᠨ ᠨᠡᠮᠡᠭᠳᠡᠯ ᠤᠨ ᠬᠠᠨᠳᠤᠰᠢ ᠨᠡᠯᠢᠶᠡᠳ ᠰᠠᠶᠢᠨ᠃ | ᠡᠭᠦᠨ ᠳᠤ᠂ ᠰᠢᠲᠠᠮᠠᠬᠠᠶ ᠬᠡᠶ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠬᠢᠮᠢ ᠶᠢᠨ ᠲᠦᠭᠦᠬᠡᠶ | ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ᠂ ᠴᠠᠬᠢᠯᠭᠠᠨ ᠬᠦᠴᠦᠨ᠂ ᠢᠯᠴᠢ ᠶᠢᠨ ᠬᠦᠴᠦᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠢᠳᠡᠭᠡᠨ ᠤ ᠦᠢᠯᠡᠳᠬᠦ ᠦᠢᠯᠡᠰ᠂ ᠴᠢᠯᠠᠭᠤᠨ ᠲᠣᠰᠣ᠂ ᠨᠡᠭᠦᠷᠡᠰᠦ | ᠵᠢᠴᠢ ᠪᠤᠰᠤᠳ ᠰᠢᠲᠠᠭᠠᠯᠭ᠎ᠠ ᠡᠳ᠋ᠰᠢᠭᠦᠯᠬᠦ ᠦᠢᠯᠡᠰ ᠲᠣᠰ ᠲᠣᠰ ᠠᠳᠠᠯᠢ ᠬᠤᠭᠤᠴᠠᠭᠠᠨ ᠤ ᠬᠢ ᠠᠴᠠ 31.5%᠂ | 28.9%᠂ 21.2%᠂ 10.0%᠂ 9.4% ᠪᠠᠷ ᠨᠡᠮᠡᠭᠳᠡᠵᠦ᠂ ᠡᠨᠡ 5 ᠶᠡᠭᠡ ᠠᠵᠢᠯ ᠲᠥᠷᠥᠯ ᠲᠤᠯᠤᠭᠠᠨ | ᠬᠤᠪᠢ ᠠᠴᠠ ᠳᠡᠭᠡᠭᠰᠢᠬᠢ ᠨᠡᠮᠡᠭᠳᠡᠯ ᠥᠷᠲᠡᠭ ᠢ ᠡᠵᠡᠯᠡᠵᠦ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠢ ᠨᠡᠶᠢᠲᠡ 10.7 ᠵᠠᠭᠤᠨ ᠤ ᠨᠢᠭᠡᠴᠢ ᠳᠠᠶᠢᠴᠢᠯᠠᠪᠠ᠃ | ᠠᠷᠠᠯᠵᠢᠶᠠᠨ ᠤ ᠵᠠᠬ᠎ᠠ ᠳᠡᠯᠭᠡᠭᠦᠷ ᠳᠠᠷᠤᠯᠲᠠ ᠶᠢ ᠳᠠᠭᠠᠭᠠᠵᠤ᠂ ᠮᠠᠰᠢᠨ ᠲᠡᠷᠭᠡᠨ ᠤ ᠲᠥᠷᠥᠯ ᠤᠨ ᠲᠠᠸᠠᠷ ᠤᠨ | ᠨᠡᠮᠡᠭᠳᠡᠯ ᠤᠨ ᠬᠤᠷᠳᠤᠴᠠ ᠲᠦᠷᠭᠡᠳᠪᠡ᠃ 1 - 10 ᠰᠠᠷ᠎ᠠ ᠳᠤ᠂ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 1003.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.0% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1 ᠳ᠋ᠦ᠋ᠭᠡᠷ ᠰᠠᠷ᠎ᠠ ᠠᠴᠠ 9 ᠳ᠋ᠦ᠋ᠭᠡᠷ | ᠰᠠᠷ᠎ᠠ ᠪᠤᠯᠲᠠᠯᠠᠬᠢ ᠠᠴᠠ 0.1 ᠵᠠᠭᠤᠨ ᠤ ᠨᠢᠭᠡᠴᠢ ᠳᠡᠭᠡᠭᠰᠢᠯᠡᠪᠡ᠃ ᠪᠦᠬᠦ ᠬᠤᠲᠠ ᠶᠢᠨ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠬᠤ ᠲᠤᠭ᠎ᠠ ᠶᠢᠨ | ᠨᠡᠮᠡᠭᠳᠡᠯ ᠤᠨ ᠬᠤᠷᠳᠤᠴᠠ 1 ᠳ᠋ᠦ᠋ᠭᠡᠷ ᠰᠠᠷ᠎ᠠ ᠠᠴᠠ 9 ᠳ᠋ᠦ᠋ᠭᠡᠷ ᠰᠠᠷ᠎ᠠ ᠪᠤᠯᠲᠠᠯᠠᠬᠢ ᠠᠴᠠ 2.8 ᠵᠠᠭᠤᠨ ᠤ ᠨᠢᠭᠡᠴᠢ | ᠲᠦᠷᠭᠡᠳᠬᠡᠵᠦ᠂ ᠳᠠᠶᠢᠴᠢᠯᠠᠬᠤ ᠦᠢᠯᠡᠳᠦᠯ 1 ᠳ᠋ᠦ᠋ᠭᠡᠷ ᠰᠠᠷ᠎ᠠ ᠠᠴᠠ 9 ᠳ᠋ᠦ᠋ᠭᠡᠷ ᠰᠠᠷ᠎ᠠ ᠪᠤᠯᠲᠠᠯᠠᠬᠢ ᠠᠴᠠ 1.0 | ᠵᠠᠭᠤᠨ ᠤ ᠨᠢᠭᠡᠴᠢ ᠲᠦᠷᠭᠡᠳᠪᠡ᠃ ᠡᠭᠦᠨ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡ ᠠᠳᠠᠯᠢ | ᠬᠤᠭᠤᠴᠠᠭᠠᠨ ᠤ ᠬᠢ ᠠᠴᠠ 47.6% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1 ᠳ᠋ᠦ᠋ᠭᠡᠷ ᠰᠠᠷ᠎ᠠ ᠠᠴᠠ 9 | ᠳ᠋ᠦ᠋ᠭᠡᠷ ᠰᠠᠷ᠎ᠠ ᠪᠤᠯᠲᠠᠯᠠᠬᠢ ᠠᠴᠠ 7.1 ᠵᠠᠭᠤᠨ ᠤ ᠨᠢᠭᠡᠴᠢ ᠲᠦᠷᠭᠡᠨ ᠪᠣᠯᠵᠤ᠂ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠮᠡᠭᠳᠡᠯ ᠤᠨ | ᠬᠤᠷᠳᠤᠴᠠ ᠶᠢ 11.7 ᠵᠠᠭᠤᠨ ᠤ ᠨᠢᠭᠡᠴᠢ ᠳᠠᠶᠢᠴᠢᠯᠠᠵᠤ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭᠠᠨ ᠤ ᠨᠡᠮᠡᠭᠳᠡᠯ ᠤᠨ | ᠬᠤᠷᠳᠤᠴᠠ ᠶᠢ 4.3 ᠵᠠᠭᠤᠨ ᠤ ᠨᠢᠭᠡᠴᠢ ᠳᠠᠶᠢᠴᠢᠯᠠᠪᠠ᠃ | ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠲᠣᠭᠲᠠᠭᠤᠨ ᠤ ᠳᠤᠮᠳᠠ ᠳᠡᠭᠡᠭᠰᠢᠯᠡᠵᠦ ᠂ | ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠲᠥᠷᠥᠯ ᠤᠨ ᠨᠡᠮᠡᠭᠳᠡᠯ ᠤᠨ ᠬᠠᠨᠳᠤᠰᠢ ᠬᠦᠮᠦᠰ ᠢ ᠪᠠᠶᠠᠷᠯᠠᠭᠤᠯᠤᠮ᠎ᠠ | ᠪᠤᠯᠵᠠᠢ᠃ 1 ᠳ᠋ᠦ᠋ᠭᠡᠷ ᠰᠠᠷ᠎ᠠ ᠠᠴᠠ 9 ᠳ᠋ᠤᠭᠠᠷ ᠰᠠᠷ᠎ᠠ ᠪᠣᠯᠲᠠᠯ᠎ᠠ᠂ ᠪᠥᠬᠦ ᠬᠤᠲᠠ ᠶᠢᠨ ᠬᠡᠪᠴᠢᠶᠡᠵᠢᠯ ᠠᠴᠠ | ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ 870.6 ᠳ᠋ᠦᠩᠰᠢᠭᠤᠷ ᠲᠥᠭᠦᠷᠢᠭ ᠤᠨ | ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 12.1% ᠪᠠᠷ ᠨᠡᠮᠡᠭᠳᠡᠪᠡ᠃ | ᠭᠤᠣᠯᠳᠠᠯᠭ᠎ᠠ ᠲᠠᠢ ᠠᠵᠢᠯ ᠲᠥᠷᠥᠯ ᠤᠨ ᠳᠠᠶᠢᠴᠢᠯᠠᠬᠤ ᠬᠦᠴᠦᠨ ᠲᠣᠭᠲᠠᠭᠤᠨ ᠪᠠᠶᠢᠬᠤ ᠶᠢ ᠪᠠᠲᠤᠯᠠᠵᠤ᠂ 10 ᠠᠵᠢᠯ | ᠲᠥᠷᠥᠯ ᠤᠨ ᠡᠵᠡᠩᠨᠡᠯᠲᠡ ᠶᠢᠨ ᠣᠷᠣᠯᠭ᠎ᠠ ᠳᠤ ︽ᠨᠠᠢᠮᠠ ᠳᠡᠭᠡᠭᠰᠢᠯᠡᠵᠦ ᠬᠤᠶᠠᠷ ᠪᠠᠭᠤᠷᠠᠬᠤ︾ ᠪᠠᠶᠢᠳᠠᠯ ᠢᠯᠡᠷᠡᠵᠡᠢ᠂ | ᠡᠭᠦᠨ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠤᠨ | ᠬᠤᠷᠳᠤᠴᠠ ᠨᠢ ᠡᠨᠡ ᠵᠢᠯ ᠤᠨ ᠬᠠᠮᠤᠭ ᠤᠨ ᠥᠨᠳᠥᠷ ᠬᠢᠷᠢ ᠲᠦᠪᠰᠢᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 81.1% ᠪᠠᠷ ᠨᠡᠮᠡᠭᠳᠡᠵᠦ᠂ 1 ᠳ᠋ᠦ᠋ᠭᠡᠷ ᠰᠠᠷ᠎ᠠ ᠠᠴᠠ 8 ᠳ᠋ᠤᠭᠠᠷ ᠰᠠᠷ᠎ᠠ | ᠪᠤᠯᠲᠠᠯᠠᠬᠢ ᠠᠴᠠ 13.1 ᠵᠠᠭᠤᠨ ᠤ ᠨᠢᠭᠡᠴᠢ ᠳᠡᠭᠡᠭᠰᠢᠯᠡᠪᠡ᠃ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ | ᠦᠢᠯᠡᠰ ᠤᠨ ᠨᠡᠮᠡᠭᠳᠡᠯ ᠢ 4.9 ᠵᠠᠭᠤᠨ ᠤ ᠨᠢᠭᠡᠴᠢ ᠳᠠᠶᠢᠴᠢᠯᠠᠪᠠ᠃ ᠵᠠᠮ ᠲᠡᠭᠡᠭᠡᠪᠦᠷᠢ᠂ ᠬᠥᠮᠥᠷᠭᠡᠯᠡᠨ | ᠬᠠᠳᠠᠭᠠᠯᠠᠬᠤ ᠪᠠ ᠰᠢᠤᠳᠠᠨ ᠤ ᠦᠢᠯᠡᠰ ᠪᠦᠬᠦ ᠬᠤᠲᠠ ᠶᠢᠨ 68.4% ᠡᠵᠡᠩᠨᠡᠯᠲᠡ ᠶᠢᠨ ᠤᠷᠤᠯᠭ᠎ᠠ ᠶᠢ | ᠪᠡᠶᠡᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠨᠡᠮᠡᠭᠳᠡᠯ ᠢ 5.8 ᠵᠠᠭᠤᠨ ᠤ | ᠨᠢᠭᠡᠴᠢ ᠳᠠᠶᠢᠴᠢᠯᠠᠪᠠ᠃ ᠮᠡᠳᠡᠭᠡ ᠵᠠᠩᠭᠢ ᠳᠠᠮᠵᠢᠭᠤᠯᠬᠤ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ | ᠦᠢᠯᠡᠴᠢᠯᠡᠭᠡᠨ ᠤ ᠦᠢᠯᠡᠰ 3 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠵᠤ᠂ ᠠᠳᠠᠯᠢ | ᠬᠤᠭᠤᠴᠠᠭᠠᠨ ᠤ ᠬᠢ ᠠᠴᠠ 10.7% ᠪᠠᠷ ᠨᠡᠮᠡᠭᠳᠡᠪᠡ᠃ | ᠪᠡᠯᠡ ᠣᠷᠣᠭᠤᠯᠤᠯᠲᠠ ᠶᠢᠨ ᠬᠦᠷᠢᠶᠡᠨ ᠤ ᠨᠡᠮᠡᠭᠳᠡᠯ ᠤᠨ ᠬᠠᠨᠳᠤᠰᠢ ᠲᠣᠭᠲᠠᠭᠤᠨ ᠪᠠᠶᠢᠵᠤ᠂ ᠬᠡᠰᠡᠭ | ᠬᠦᠷᠢᠶ᠎ᠡ ᠴᠠᠷᠠᠭ᠎ᠠ ᠶᠢᠨ ᠳᠠᠶᠢᠴᠢᠯᠠᠬᠤ ᠬᠦᠴᠦᠨ ᠡᠷᠴᠢᠲᠡᠢ ᠪᠠᠶᠢᠨ᠎ᠠ᠃ 1 - 10 ᠰᠠᠷ᠎ᠠ ᠳᠤ᠂ ᠪᠦᠬᠦ ᠬᠤᠲᠠ ᠶᠢᠨ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 17.0% ᠪᠠᠷ ᠨᠡᠮᠡᠭᠳᠡᠵᠦ᠂ | ᠲᠤᠰ ᠲᠤᠰ ᠪᠦᠬᠦ ᠤᠯᠤᠰ᠂ ᠪᠦᠬᠦ ᠣᠷᠣᠨ ᠤ ᠨᠡᠮᠡᠭᠳᠡᠯ ᠤᠨ ᠬᠤᠷᠳᠤᠴᠠ ᠠᠴᠠ 13.6᠂ 5.6 ᠵᠠᠭᠤᠨ ᠤ ᠨᠢᠭᠡᠴᠢ | ᠥᠨᠳᠥᠷ ᠪᠣᠯᠪᠠ᠃ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠶᠢᠨ ᠬᠥᠭᠵᠢᠯᠲᠡ | ᠢᠯᠡᠷᠬᠡᠢ ᠪᠠᠶᠢᠵᠤ᠂ ᠪᠦᠬᠦ ᠬᠤᠲᠠ ᠶᠢᠨ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 95.1% ᠪᠠᠷ ᠨᠡᠮᠡᠭᠳᠡᠵᠦ᠂ ᠪᠦᠬᠦ ᠬᠤᠲᠠ ᠶᠢᠨ ᠪᠡᠯᠡ | ᠣᠷᠣᠭᠤᠯᠤᠯᠲᠠ ᠶᠢᠨ ᠬᠤᠪᠢ ᠶᠢᠨ ᠵᠢᠩ ᠤᠨ 12.1% ᠶᠢ ᠡᠵᠡᠯᠡᠵᠦ᠂ ᠪᠦᠬᠦ ᠪᠡᠯᠡ ᠣᠷᠣᠭᠤᠯᠤᠯᠲᠠ ᠶᠢᠨ | ᠨᠡᠮᠡᠭᠳᠡᠯ ᠢ 6.9 ᠵᠠᠭᠤᠨ ᠤ ᠨᠢᠭᠡᠴᠢ ᠲᠠᠶᠢᠴᠢᠯᠠᠵᠠᠢ᠃ ᠴᠢᠬᠤᠯᠠ ᠶᠡᠭᠡ ᠲᠥᠷᠥᠯ ᠵᠦᠢᠯ ᠤᠨ ᠳᠠᠶᠢᠴᠢᠯᠠᠯᠲᠠ | ᠬᠦᠴᠦᠲᠡᠢ ᠪᠠᠶᠢᠵᠤ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠡᠶᠡᠯᠡᠭᠦᠯᠦᠭᠰᠡᠨ ᠪᠡᠯᠡ | ᠣᠷᠣᠭᠤᠯᠤᠯᠲᠠ ᠶᠢᠨ ᠬᠡᠮᠵᠢᠶ᠎ᠡ ᠨᠢ ᠪᠠᠷᠤᠭ 6 ᠬᠤᠪᠢ ᠪᠠᠶᠢᠵᠤ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 5. | 9 ᠵᠠᠭᠤᠨ ᠤ ᠨᠢᠭᠡᠴᠢ ᠲᠠᠶᠢᠴᠢᠯᠠᠪᠠ᠃ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ | ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠡᠯᠢᠶᠡᠳ ᠲᠦᠷᠭᠡᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ | 2.4 ᠳᠠᠬᠢᠨ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠ ᠳᠠᠶᠢᠴᠢᠯᠠᠬᠤ ᠬᠦᠴᠦᠨ ᠲᠣᠰ ᠲᠣᠰ ᠳᠡᠭᠡᠷ᠎ᠡ ᠵᠢᠯ ᠤᠨ | ᠠᠳᠠᠯᠢ ᠬᠤᠭᠤᠴᠠᠭᠠᠨ ᠤ ᠬᠢ ᠠᠴᠠ 268.2᠂ 2.5 ᠵᠠᠭᠤᠨ ᠤ ᠨᠢᠭᠡᠴᠢ ᠳᠡᠭᠡᠭᠰᠢᠯᠡᠵᠡᠶ᠃ |