︵ᠰᠤᠷᠪᠤᠯᠵᠢᠯᠠᠭᠴᠢ ᠶᠦᠨ ᠵᠢᠩ︶ 11 ᠳ᠋ᠦ᠋ᠭᠡᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ | ᠭᠠᠩ ᠴᠢᠩ ᠱᠦᠢ ᠾᠧ ᠰᠢᠶᠠᠨ᠂ ᠬᠤᠷᠢᠨᠭᠡᠷ ᠰᠢᠶᠠᠨ ᠳᠤ ᠬᠦᠷᠴᠦ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ | ᠴᠢᠨᠠᠷ ᠰᠠᠶᠢᠲᠠᠢ ᠬᠥᠭᠵᠢᠭᠦᠯᠬᠦ ᠠᠵᠢᠯ ᠢ ᠪᠠᠶᠢᠴᠠᠭᠠᠨ ᠰᠤᠳᠤᠯᠪᠠ᠃ | ᠴᠢᠩ ᠱᠦᠢ ᠡᡁᠧ ᠰᠢᠶᠠᠨ ᠳᠤ᠂ ᠪᠣᠣ ᠭᠠᠩ ᠯᠣᠣ ᠨᠢᠦ ᠸᠠᠨ ᠤ ᠬᠠᠳᠤᠨ ᠭᠤᠣᠯ ᠤᠨ ᠶᠡᠭᠡ ᠬᠠᠪᠴᠢᠯ ᠤᠨ | 5A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠭᠤᠣᠯᠳᠠᠯᠭ᠎ᠠ ᠲᠠᠢ | ᠪᠠᠶᠢᠴᠠᠭᠠᠨ ᠰᠤᠳᠤᠯᠵᠤ᠂ ᠴᠧᠩ ᠸᠠᠨ ᠭᠠᠷᠠᠮ᠂ ᠯᠣᠣ ᠨᠢᠦ ᠸᠠᠨ ᠬᠡᠰᠡᠭ ᠣᠷᠣᠨ᠂ ᠵᠢᠭᠤᠯᠴᠢᠯᠠᠭᠴᠢᠳ ᠤᠨ | ᠦᠢᠯᠡᠴᠢᠯᠡᠭᠡᠨ ᠤ ᠲᠥᠪ ᠤᠨ ᠡᠵᠡᠩᠨᠡᠯᠲᠡ ᠵᠢᠴᠢ ᠲᠡᠦᠬᠡ ᠰᠣᠶᠣᠯ ᠤᠨ ᠦᠵᠡᠭᠦᠯᠭᠡ ᠵᠡᠷᠭᠡ ᠶᠢ ᠪᠠᠶᠢᠴᠠᠭᠠᠨ ᠦᠵᠡᠪᠡ᠃ | ᠲᠡᠷᠡ ᠬᠡᠯᠡᠬᠦ ᠳᠡᠭᠡᠨ᠂ ᠯᠣᠣ ᠨᠢᠤ ᠸᠠᠨ ᠤ ᠬᠠᠲᠤᠨ ᠭᠤᠤᠯ ᠤᠨ ᠶᠡᠭᠡ ᠬᠠᠪᠴᠢᠯ ᠤᠨ 5A ᠲᠠᠰ ᠤᠨ ᠦᠵᠡᠮᠵᠢ ᠶᠢᠨ | ᠣᠷᠣᠨ ᠢ ᠪᠠᠶᠢᠭᠤᠯᠬᠤ ᠶᠢ ᠳᠥᠯᠭᠢᠨ ᠠᠬᠢᠭᠤᠯᠬᠤ ᠪᠣᠯ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠴᠢᠨᠠᠷ ᠰᠠᠶᠢᠲᠠᠶ | ᠬᠥᠭᠵᠢᠭᠦᠯᠬᠦ ᠪᠣᠳᠠᠲᠠᠶ ᠠᠵᠢᠯᠯᠠᠭ᠎ᠠ ᠪᠣᠯᠬᠤ ᠪᠠᠷ ᠪᠠᠷᠠᠬᠤ ᠥᠬᠡᠶ᠂ ᠮᠥᠨ ᠴᠤ ᠬᠤᠲᠠ ᠶᠢᠨ ᠠᠷᠠᠳ᠂ | ᠵᠢᠭᠤᠯᠴᠢᠯᠠᠭᠴᠢᠳ ᠤᠨ ᠵᠤᠭᠠᠴᠠᠬᠤ ᠪᠣᠳᠠᠲᠤ ᠬᠡᠷᠡᠭᠴᠡᠭᠡ ᠶᠢ ᠬᠠᠩᠭᠠᠬᠤ ᠶᠠᠪᠤᠳᠠᠯ ᠪᠣᠯᠤᠨ᠎ᠠ᠃ ᠡᠭᠦᠳᠦᠨ ᠪᠠᠶᠢᠭᠤᠯᠬᠤ | ᠠᠵᠢᠯ ᠢ ᠴᠢᠨᠠᠷ ᠰᠠᠶᠢᠲᠠᠢ ᠥᠨᠳᠥᠷ ᠪᠠᠷᠢᠮᠵᠢᠶ᠎ᠠ ᠪᠠᠷ ᠬᠢᠵᠦ᠂ ᠦᠵᠡᠮᠵᠢ ᠶᠢᠨ ᠣᠷᠣᠨ ᠤ ᠢᠵᠢ ᠪᠦᠷᠢᠳᠦᠭᠰᠡᠨ | ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠦᠵᠡᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠦᠢᠯᠡᠴᠢᠯᠡᠭᠡᠨ ᠤ | ᠴᠢᠳᠠᠮᠵᠢ ᠶᠢ ᠥᠷᠭᠡᠳᠬᠡᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠦᠵᠡᠮᠵᠢ ᠶᠢᠨ ᠣᠷᠣᠨ ᠤ ᠲᠠᠲᠠᠬᠤ | ᠬᠦᠴᠦᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠤᠬᠠᠢ ᠶᠢᠨ ᠭᠠᠵᠠᠷ ᠤᠨ | ᠲᠡᠦᠬᠡ ᠰᠣᠶᠣᠯ ᠢ ᠰᠠᠶᠢᠲᠤᠷ ᠠᠭᠤᠳᠠᠯᠵᠤ᠂ ︽ᠬᠠᠳᠤᠨ ᠭᠤᠣᠯ ᠪᠣᠯᠤᠨ ᠤᠷᠳᠤ ᠴᠠᠭᠠᠨ ᠬᠡᠷᠡᠮ︾ ᠤᠨ ᠦᠯᠢᠭᠡᠷ ᠢ | ᠰᠠᠶᠢᠲᠤᠷ ᠶᠠᠷᠢᠵᠤ᠂ ᠬᠠᠳᠤᠨ ᠭᠤᠣᠯ ᠤᠷᠳᠤ ᠴᠠᠭᠠᠨ ᠬᠡᠷᠡᠮ ᠳᠠᠭᠠᠤ ᠶᠢᠨ ᠦᠵᠡᠮᠵᠢ ᠶᠢ ᠬᠤᠯᠪᠣᠬᠤ ᠪᠠᠷ | ᠬᠦᠴᠦᠯᠡᠵᠦ᠂ ᠬᠠᠳᠤᠨ ᠭᠤᠣᠯ ᠤᠷᠳᠤ ᠴᠠᠭᠠᠨ ᠬᠡᠷᠡᠮ ᠤᠨ ᠰᠣᠶᠣᠯ ᠵᠢᠭᠤᠯᠴᠢᠯᠠᠯ ᠤᠨ ᠪᠦᠰᠡ ᠶᠢᠨ ᠥᠪᠡᠷᠮᠢᠴᠡ | ᠰᠠᠶᠢᠬᠠᠨ ᠪᠠᠶᠢᠭᠠᠯᠢ ᠶᠢᠨ ᠦᠵᠡᠮᠵᠢ ᠶᠢ ᠢᠯᠡᠷᠡᠭᠦᠯᠵᠦ᠂ ᠯᠣᠤ ᠨᠢᠦ ᠸᠠᠨ ᠤ ᠬᠠᠳᠤᠨ ᠭᠤᠣᠯ ᠤᠨ ᠶᠡᠭᠡ ᠬᠠᠪᠴᠢᠯ ᠢ | ᠤᠮᠠᠷᠠᠲᠤ ᠬᠢᠯᠢ ᠶᠢᠨ ᠴᠢᠬᠤᠯᠠ ᠵᠢᠭᠤᠯᠴᠢᠯᠠᠯ ᠤᠨ ᠣᠷᠣᠨ ᠪᠣᠯᠭᠠᠬᠤ ᠬᠡᠷᠡᠭᠲᠡᠢ ᠭᠡᠵᠡᠢ᠃ | ᠬᠤᠷᠢᠨᠭᠡᠷ ᠰᠢᠶᠠᠨ ᠳᠤ᠂ ᠪᠣᠣ ᠭᠠᠩ ᠰᠢᠷᠦᠢ ᠶᠢᠨ ᠬᠤᠲᠠ ᠶᠢᠨ ᠪᠠᠭᠤᠷᠢ ᠪᠣᠯᠣᠨ ᠱᠧᠩ ᠯᠧ ᠮᠦᠽᠧᠢ ᠳᠤ | ᠬᠦᠷᠴᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠦᠯᠡᠳᠡᠭᠳᠡᠯ ᠢ ᠬᠠᠮᠠᠭᠠᠯᠠᠬᠤ᠂ ᠲᠡᠦᠬᠡ ᠶᠢᠨ ᠳᠤᠷᠠᠰᠬᠠᠯᠲᠤ | ᠵᠦᠢᠯᠡᠰ ᠢ ᠳᠠᠬᠢᠨ ᠠᠰᠢᠭᠯᠠᠬᠤ ᠪᠠ ᠰᠣᠶᠣᠯ ᠤᠨ ᠦᠵᠡᠰᠬᠦᠯᠡᠩ ᠤᠨ ᠣᠷᠳᠣᠨ ᠤ ᠪᠦᠳᠦᠭᠡᠨ ᠪᠠᠶᠢᠭᠤᠯᠤᠯᠲᠠ ᠶᠢᠨ | ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠲᠡᠦᠬᠡ ᠶᠢᠨ ᠳᠤᠷᠠᠰᠬᠠᠯᠲᠤ ᠵᠦᠢᠯᠡᠰ ᠪᠣᠯ ᠲᠡᠦᠬᠡ ᠶᠢᠨ | ᠭᠡᠷᠡᠴᠢ ᠮᠥᠨ᠂ ᠨᠡᠩ ᠴᠤ ᠰᠣᠶᠣᠯ ᠤᠨ ᠠᠴᠢᠶᠠᠯᠠᠪᠤᠷᠢ᠂ ᠬᠤᠷᠢᠨᠭᠡᠷ ᠰᠢᠶᠠᠨ ᠤ ᠰᠣᠶᠣᠯ ᠤᠨ ᠤᠯᠠᠮᠵᠢᠯᠠᠯ ᠭᠦᠨ | ᠵᠤᠵᠠᠭᠠᠨ᠂ ᠲᠡᠦᠬᠡ ᠶᠢᠨ ᠦᠯᠡᠳᠡᠭᠳᠡᠯ ᠡᠯᠪᠡᠭ ᠪᠠᠶᠠᠯᠢᠭ ᠪᠠᠶᠢᠳᠠᠭ ᠪᠣᠯᠬᠤᠷ ᠶᠡᠷᠦᠩᠬᠡᠢ ᠱᠦᠵᠢ ᠰᠢ ᠶᠢᠨ ᠫᠢᠩ ᠤᠨ | ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠷᠢᠮᠲᠠᠯᠠᠵᠤ᠂ ᠰᠢᠰᠲ᠋ᠧᠮ ᠲᠠᠢ ᠲᠥᠯᠥᠪᠵᠢᠭᠦᠯᠵᠦ᠂ ᠨᠢᠭᠡᠳᠦᠯᠲᠡᠢ | ᠠᠬᠢᠭᠤᠯᠤᠨ᠂ ᠬᠠᠭᠤᠴᠢ ᠰᠤᠳᠤᠯᠤᠯ ᠤᠨ ᠪᠠᠭᠤᠷᠢ ᠶᠢ ᠬᠠᠮᠠᠭᠠᠯᠠᠬᠤ᠂ ᠬᠠᠭᠤᠴᠢ ᠰᠤᠳᠤᠯᠤᠯ ᠤᠨ ᠬᠤᠯᠪᠣᠭᠠᠯᠠᠭᠰᠠᠨ | ᠠᠭᠤᠳᠠᠯᠤᠯᠲᠠ ᠬᠢᠬᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠳᠡᠯᠭᠡᠨ ᠦᠵᠡᠭᠦᠯᠬᠦ᠂ ᠰᠣᠶᠣᠯ ᠤᠨ | ᠦᠵᠡᠰᠬᠦᠯᠡᠩ ᠤᠨ ᠣᠷᠳᠣᠨ ᠤ ᠪᠦᠳᠦᠭᠡᠨ ᠪᠠᠶᠢᠭᠤᠯᠤᠯᠲᠠ ᠵᠡᠷᠭᠡ ᠶᠢ ᠤᠶᠠᠯᠳᠤᠭᠤᠯᠵᠤ᠂ ᠰᠢᠷᠦᠢ ᠶᠢᠨ ᠬᠤᠲᠠ ᠶᠢᠨ | ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠱᠧᠩ | ᠯᠧ ᠮᠦᠽᠧᠢ ᠶᠢ ᠤᠯᠤᠰ ᠤᠨ ᠨᠢᠭᠡᠳᠦᠭᠡᠷ ᠳᠡᠰ ᠤᠨ ᠮᠦᠽᠧᠢ ᠪᠣᠯᠭᠠᠨ ᠪᠠᠶᠢᠭᠤᠯᠬᠤ ᠶᠢ ᠢᠳᠡᠪᠬᠢᠲᠡᠢ ᠠᠬᠢᠭᠤᠯᠬᠤ | ᠬᠡᠷᠡᠭᠲᠡᠢ᠃ ᠲᠡᠤᠬᠡ ᠶᠢᠨ ᠳᠤᠷᠠᠰᠬᠠᠯᠲᠤ ᠵᠦᠢᠯ ᠤᠨ ᠦᠨ᠎ᠡ ᠥᠷᠲᠡᠭ ᠢ ᠠᠭᠤᠳᠠᠯᠠᠨ ᠢᠯᠡᠷᠡᠭᠦᠯᠵᠦ᠂ ᠮᠦᠽᠧᠶ ᠳᠤ | ᠬᠠᠳᠠᠭᠠᠯᠠᠵᠤ ᠪᠠᠶᠢᠭ᠎ᠠ ᠲᠡᠤᠬᠡ ᠶᠢᠨ ᠳᠤᠷᠠᠰᠬᠠᠯᠲᠤ ᠵᠦᠢᠯ ᠬᠢᠭᠡᠳ ᠳᠡᠯᠭᠡᠨ ᠦᠵᠡᠭᠦᠯᠵᠦ ᠪᠠᠶᠢᠭ᠎ᠠ ᠲᠡᠦᠬᠡ ᠶᠢᠨ ᠥᠪ | ᠬᠥᠷᠥᠩᠭᠡ ᠶᠢ ︽ᠠᠮᠢᠯᠠᠭᠤᠯᠵᠤ︾᠂ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ᠂ ᠬᠠᠭᠤᠴᠢ | ᠪᠠᠭᠤᠷᠢ ᠶᠢᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠣᠯᠠᠨ ᠲᠦᠮᠡᠨ ᠳᠤ ᠨᠡᠩ ᠶᠡᠭᠡ | ᠬᠦᠷᠲᠡᠭᠡᠬᠦ ᠬᠡᠷᠡᠭᠲᠡᠶ ᠭᠡᠪᠡ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠦᠦ ᠭᠠᠩ ᠪᠠᠰᠠ ᠴᠢᠩ ᠱᠦᠶ ᠾᠧ ᠮᠦᠽᠧᠶ᠂ ᠬᠤᠷᠢᠨᠭᠡᠷ | ᠰᠢᠶᠠᠨ ᠤ ᠪᠦᠪᠡᠢ ᠭᠤᠤᠯ ᠤᠨ ᠠᠮᠢ ᠠᠬᠤᠶ ᠶᠢᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ | ᠪᠠᠶᠢᠳᠠᠯ ᠢ ᠪᠠᠶᠢᠴᠠᠭᠠᠨ ᠦᠵᠡᠪᠡ᠃ | ᠯᠢᠦ ᠵᠢᠢ ᠶᠢᠩ᠂ ᠼᠤᠤ ᡁᠢ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃ |