| | ᠪᠣᠣ ᠭᠠᠩ ᠬᠤᠷᠠᠯ ᠡᠷᠬᠢᠯᠡᠨ ᠶᠠᠷᠢᠶ᠎ᠠ ᠲᠠᠯᠪᠢᠵᠤ ᠾᠧ ᠬᠠᠢ ᠳ᠋ᠦᠩ ᠬᠤᠷᠠᠯ ᠳᠤ ᠣᠷᠣᠯᠴᠠᠪᠠ | 11 ᠳ᠋ᠦ᠋ᠭᠡᠷ ᠰᠠᠷ᠎ᠠ ᠶᠢᠨ 21 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ | ᠵᠥᠪᠯᠡᠬᠦ ᠬᠤᠷᠠᠯ ᠵᠢᠴᠢ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ | ᠱᠦᠵᠢ ᠶᠢᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠵᠤ᠂ ᠰᠢ ᠶᠢᠨ ᠫᠢᠩ ᠤᠨ ᠴᠡᠷᠢᠭ ᠢ | ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ | ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠪᠦᠬᠦ ᠬᠤᠳᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠣᠯᠤᠨ ᠪᠡᠯᠡᠳᠬᠡᠯ ᠬᠦᠴᠦᠨ ᠤ | ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ᠂ | ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠱᠦᠵᠢ ᠪᠦᠦ ᠭᠠᠩ | ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠲᠠ ᠶᠢᠨ ᠳᠠᠷᠤᠭ᠎ᠠ᠂ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ | ᠡᠷᠬᠢᠯᠡᠭᠴᠢ ᠾᠧ ᠬᠠᠶ ᠳ᠋ᠦᠩ ᠬᠤᠷᠠᠯ ᠳᠤ ᠣᠷᠣᠯᠴᠠᠵᠠᠶ᠃ | ᠬᠤᠷᠠᠯ ᠠᠴᠠ ᠡᠨᠡ ᠵᠢᠯ ᠠᠴᠠ ᠨᠠᠭᠠᠰᠢᠬᠢ ᠮᠠᠨ ᠤ ᠬᠤᠲᠠ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ | ᠠᠵᠢᠯ ᠤᠨ ᠣᠯᠤᠭᠰᠠᠨ ᠦᠷ᠎ᠡ ᠪᠦᠲᠦᠮᠵᠢ ᠶᠢ ᠨᠤᠲᠠᠯᠠᠵᠤ᠂ ᠤᠯᠤᠰ ᠲᠥᠷᠥ ᠪᠠᠷ ᠴᠡᠷᠢᠭ ᠪᠠᠶᠢᠭᠤᠯᠬᠤ ᠶᠢ ᠢᠮᠠᠭᠲᠠ | ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠤᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠢᠮᠠᠭᠲᠠ ᠵᠥᠪ | ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠶ᠃ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠳᠤ ᠴᠢᠭᠯᠡᠭᠦᠯᠦᠨ᠂ | ᠲᠠᠶᠢᠨ ᠳᠤ ᠪᠡᠯᠡᠳᠬᠡᠵᠦ ᠲᠠᠶᠢᠨ ᠬᠢᠬᠦ ᠡᠨᠡ ᠬᠦ ᠭᠤᠣᠯ ᠬᠠᠷᠢᠭᠤᠴᠠᠯᠭ᠎ᠠ ᠭᠤᠣᠯ ᠠᠵᠢᠯ ᠢ ᠪᠣᠳᠠᠲᠠᠢ ᠠᠳᠬᠤᠵᠤ᠂ | ᠴᠡᠷᠢᠭ ᠢ ᠪᠣᠯᠪᠠᠰᠤᠷᠠᠭᠤᠯᠵᠤ ᠲᠠᠶᠢᠨ ᠳᠤ ᠪᠡᠯᠡᠳᠬᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ | ᠬᠢᠵᠦ᠂ ᠴᠡᠷᠢᠭ ᠡᠯᠰᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠤᠯᠤᠰ ᠤᠨ ᠤᠮᠠᠷᠠᠲᠤ ᠬᠢᠯᠢ ᠶᠢᠨ | ᠠᠮᠤᠷ ᠲᠥᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ | ᠦᠨᠡᠨ ᠬᠦ ᠡᠭᠦᠷᠭᠡᠯᠡᠬᠦ ᠬᠡᠷᠡᠭᠲᠡᠢ᠃ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ | ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ᠂ ᠴᠡᠷᠢᠭ ᠤᠨ ᠭᠡᠷ | ᠪᠦᠯᠢ ᠶᠢᠨ ᠬᠢᠨ ᠤ ᠴᠡᠷᠢᠭ ᠢ ᠳᠠᠭᠠᠵᠤ ᠠᠵᠢᠯ ᠣᠯᠭᠤᠵᠤ ᠲᠥᠪᠬᠢᠨᠡᠭᠦᠯᠬᠦ᠂ ᠴᠡᠷᠢᠭ ᠤᠨ ᠦᠷ᠎ᠡ ᠬᠡᠦᠬᠡᠳᠲ᠋ᠤ | ᠰᠤᠷᠭᠠᠨ ᠬᠥᠮᠦᠵᠢᠯ ᠤᠨ ᠬᠠᠷᠠᠭᠠᠯᠵᠠᠯ ᠦᠵᠡᠭᠦᠯᠬᠦ ᠵᠡᠷᠭᠡ ᠠᠵᠢᠯ ᠢ ᠰᠠᠶᠢᠲᠤᠷ ᠬᠢᠵᠦ᠂ ᠴᠡᠷᠢᠭ ᠠᠷᠠᠳ ᠤᠨ | ᠠᠭᠤᠰᠤᠯᠴᠠᠨ ᠬᠦᠭᠵᠢᠬᠦ ᠶᠢ ᠭᠦᠨᠵᠡᠭᠡᠶᠢᠷᠡᠭᠦᠯᠦᠨ ᠠᠬᠢᠭᠤᠯᠵᠤ᠂ ᠵᠠᠯᠭᠠᠭ᠎ᠠ ᠪᠠᠷ ᠠᠷᠪᠠᠨ ᠵᠢᠯ ᠳᠠᠷᠠᠭᠠᠯᠠᠨ ᠪᠦᠬᠦ | ᠤᠯᠤᠰ ᠤᠨ ︽ᠬᠤᠶᠠᠷ ᠢ ᠬᠦᠷᠢᠶᠡᠯᠡᠬᠦ ᠵᠢᠱᠢᠶᠡᠴᠢ ᠬᠤᠳᠠ︾ ᠪᠣᠯᠬᠤ ᠪᠠᠷ ᠪᠦᠬᠦ ᠬᠦᠴᠦᠨ ᠢᠶᠠᠷ ᠢᠶᠠᠨ ᠴᠢᠷᠮᠠᠶᠢᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠤᠯᠤᠰ ᠲᠥᠷᠥ ᠶᠢᠨ ᠭᠡᠰᠢᠭᠦᠨ ᠭᠤᠤ ᠳ᠋ᠧ | ᠴᠢᠤᠸᠠᠨ ᠠᠴᠠ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ | ᠠᠩᠭᠢ ᠶᠢᠨ ᠪᠥᠲᠥᠭᠡᠨ ᠪᠠᠶᠢᠭᠤᠯᠤᠯᠲᠠ ᠶᠢᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ︽ᠨᠠᠮ ᠠᠴᠠ | ᠵᠡᠪᠰᠡᠭᠲᠦ ᠬᠦᠴᠦᠨ ᠢ ᠬᠠᠮᠢᠶᠠᠷᠬᠤ ᠶᠢ ᠪᠠᠷᠢᠮᠲᠠᠯᠠᠵᠤ ᠰᠢᠨ᠎ᠡ ᠴᠠᠭ ᠦᠶ᠎ᠡ ᠶᠢᠨ ᠠᠷᠠᠳ ᠤᠨ ᠵᠡᠪᠰᠡᠭᠲᠦ ᠬᠦᠴᠦᠨ ᠤ | ᠠᠵᠢᠯ ᠢ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾ ᠢ | ᠤᠯᠠᠮᠵᠢᠯᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ | ᠬᠤᠷᠢᠶᠠᠨ ᠤ ᠨᠢᠭᠡᠳᠦᠭᠡᠷ ᠱᠦᠵᠢ ᠨᠠᠷ ᠲᠤᠰᠢᠶᠠᠯ ᠤᠨ ᠮᠡᠳᠡᠭᠦᠯᠦᠯᠲᠡ ᠬᠢᠪᠠ᠃ | ᠬᠤᠳᠠ᠂ ᠴᠡᠷᠢᠭ ᠠᠩᠭᠢ ᠪᠠ ᠣᠷᠣᠨ ᠨᠤᠲᠤᠭ ᠤᠨ ᠬᠤᠯᠪᠣᠭᠳᠠᠯ ᠪᠦᠬᠦᠢ ᠤᠳᠤᠷᠢᠳᠬᠤ ᠨᠥᠬᠦᠳ | ᠬᠤᠷᠠᠯ ᠳᠤ ᠣᠷᠣᠯᠴᠠᠪᠠ᠃ ︵ᠯᠢ ᠬᠠᠢ ᠵᠧᠨ︶ |