ᠪᠣᠣ ᠭᠠᠩ ᠬᠤᠷᠠᠯ ᠡᠷᠬᠢᠯᠡᠨ ᠶᠠᠷᠢᠶ᠎ᠠ ᠲᠠᠯᠪᠢᠵᠤ ᠾᠧ ᠬᠠᠢ ᠳ᠋ᠦᠩ ᠯᠢ ᠵᠢᠶᠦ᠋ᠩ ᠼᠦᠢ ᠵᠧᠨ ᠦ᠋ ᠬᠤᠷᠠᠯ ᠳᠤ | ᠣᠷᠣᠯᠴᠠᠪᠠ | ︵ᠰᠤᠷᠪᠤᠯᠵᠢᠯᠠᠭᠴᠢ ᠭᠧᠩ ᠰᠢᠨ︶ 11 ᠳ᠋ᠦ᠋ᠭᠡᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ | ᠭᠠᠩ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ | ᠪᠤᠰᠤ ᠬᠥᠮᠦᠰ ᠤᠨ ᠲᠥᠯᠥᠭᠡᠯᠡᠭᠴᠢᠳ ᠤᠨ ᠭᠤᠤᠯᠳᠠᠯᠭ᠎ᠠ ᠲᠠᠢ ᠰᠡᠳᠦᠪ ᠤᠨ ᠪᠠᠶᠢᠴᠠᠭᠠᠨ ᠰᠤᠳᠤᠯᠤᠯᠲᠠ ᠶᠢᠨ ᠦᠷ᠎ᠡ | ᠪᠦᠲᠦᠭᠡᠯ ᠤᠨ ᠰᠣᠯᠢᠯᠴᠠᠭᠠᠨ ᠤ ᠬᠤᠷᠠᠯ ᠵᠢᠴᠢ ᠲᠤᠰᠬᠠᠶ ᠠᠷᠠᠳᠴᠢᠯᠠᠯ ᠢᠶᠠᠷ ᠬᠢᠨᠠᠯᠲᠠ ᠲᠠᠯᠪᠢᠬᠤ ᠦᠷ᠎ᠡ | ᠪᠦᠲᠦᠭᠡᠯ ᠤᠨ ᠰᠣᠯᠢᠯᠴᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠪᠦᠬᠦ ᠬᠤᠳᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠭᠤᠣᠯ ᠱᠤᠭᠤᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠠᠵᠢᠯ ᠤᠨ ᠪᠠᠶᠢᠳᠠᠯ ᠪᠣᠯᠤᠨ | ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ | ᠬᠥᠮᠦᠰ ᠤᠨ ᠲᠥᠯᠥᠭᠡᠯᠡᠭᠴᠢᠳ 2023 ᠣᠨ ᠤ ᠭᠤᠣᠯᠳᠠᠯᠭ᠎ᠠ ᠲᠠᠢ ᠰᠡᠳᠦᠪ ᠤᠨ ᠪᠠᠶᠢᠴᠠᠭᠠᠨ ᠰᠤᠳᠤᠯᠤᠯᠲᠠ ᠶᠢᠨ | ᠦᠷ᠎ᠡ ᠪᠦᠲᠦᠭᠡᠯ ᠤᠨ ᠤᠯᠠᠷᠢᠭᠤᠯᠤᠯᠲᠠ ᠵᠢᠴᠢ 2024 ᠣᠨ ᠤ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ | ᠬᠡᠷᠡᠭ ᠢ ᠵᠥᠪᠯᠡᠭᠰᠡᠨ ᠪᠠᠶᠢᠳᠠᠯ ᠢ ᠮᠡᠳᠡᠭᠳᠡᠪᠡ᠃ ᠡᠯ᠎ᠡ ᠠᠷᠠᠳᠴᠢᠯᠠᠭᠰᠠᠨ ᠨᠠᠮ ᠪᠦᠯᠦᠭ ᠤᠨ ᠬᠤᠳᠠ ᠶᠢᠨ | ᠬᠤᠷᠢᠶ᠎ᠠ ᠶᠢᠨ ᠡᠷᠬᠢᠯᠡᠭᠴᠢ ᠭᠡᠰᠢᠭᠦᠨ᠂ ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ | ᠪᠣᠯᠣᠨ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢᠳ 2024 ᠣᠨ ᠤ ᠲᠤᠰᠬᠠᠢ ᠲᠦᠷᠦᠯ ᠤᠨ | ᠠᠷᠠᠳᠴᠢᠯᠠᠯ ᠢᠶᠠᠷ ᠬᠢᠨᠠᠯᠲᠠ ᠲᠠᠯᠪᠢᠭᠰᠠᠨ ᠦᠷ᠎ᠡ ᠪᠦᠲᠦᠭᠡᠯ ᠢᠶᠠᠨ ᠰᠣᠯᠢᠯᠴᠠᠬᠤ ᠶᠢᠨ ᠬᠠᠮᠲᠤ ᠣᠷᠣᠨ ᠤ ᠲᠥᠪ | ᠬᠤᠲᠠ ᠶᠢᠨ ᠤᠨᠴᠠᠯᠢᠭᠳᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ᠂ ᠤᠮᠠᠷᠠᠲᠤ ᠬᠢᠯᠢ ᠶᠢᠨ | ᠰᠣᠶᠣᠯ ᠤᠨ ᠲᠦᠷᠦᠯ ᠲᠡᠮᠳᠡᠭ ᠢ ᠡᠭᠦᠳᠬᠦ᠂ ᠰᠤᠷᠭᠠᠨ ᠬᠥᠮᠦᠵᠢᠯ ᠡᠮᠴᠢᠯᠡᠭᠡᠨ ᠤ ᠡᠬᠢ ᠪᠠᠶᠠᠯᠢᠭ ᠤᠨ ᠴᠢᠨᠠᠷ | ᠰᠠᠶᠢᠲᠠᠢ ᠬᠠᠩᠭᠠᠯᠭ᠎ᠠ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠴᠠᠢ᠃ | ᠶᠠᠷᠢᠶ᠎ᠠ ᠶᠢ ᠰᠣᠨᠣᠰᠤᠭᠰᠠᠨ ᠤ ᠲᠠᠷᠠᠭ᠎ᠠ᠂ ᠪᠣᠣ ᠭᠠᠩ ᠪᠠᠶᠢᠴᠠᠭᠠᠨ ᠰᠤᠳᠤᠯᠤᠯᠲᠠ ᠪᠣᠯᠣᠨ ᠬᠢᠨᠠᠯᠲᠠ | ᠲᠠᠯᠪᠢᠭᠰᠠᠨ ᠦᠷ᠎ᠡ ᠪᠦᠲᠦᠭᠡᠯ ᠢ ᠨᠤᠲᠠᠯᠠᠵᠤ ᠪᠠᠶᠢᠬᠤ ᠪᠠᠨ ᠢᠯᠡᠳᠬᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ | ᠨᠠᠷᠢᠨ ᠬᠢᠨᠠᠮᠠᠭᠠᠢ ᠰᠤᠳᠤᠯᠤᠨ ᠰᠢᠩᠭᠡᠭᠡᠵᠦ᠂ ᠤᠯᠠᠷᠢᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ | ᠬᠡᠷᠡᠭᠲᠡᠢ ᠭᠡᠵᠦ ᠱᠠᠭᠠᠷᠳᠠᠪᠠ᠃ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ | ᠪᠣᠯᠣᠨ ᠨᠠᠮ ᠪᠦᠯᠦᠭ ᠤᠨ ᠪᠤᠰᠤ ᠬᠥᠮᠥᠰ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠪᠠᠲᠤᠲᠠᠢ ᠬᠡᠷᠡᠭᠵᠢᠭᠦᠯᠵᠦ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ | ᠤᠷᠤᠨ ᠤ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠠᠵᠤ ᠦᠢᠯᠡᠰ ᠤᠨ ᠬᠥᠭᠵᠢᠯᠲᠡ᠂ | ᠬᠤᠲᠠ ᠶᠢᠨ ᠪᠦᠲᠦᠭᠡᠨ ᠪᠠᠶᠢᠭᠤᠯᠤᠯᠲᠠ ᠪᠣᠯᠣᠨ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮᠴᠢᠯᠡᠭᠡ ᠵᠡᠷᠭᠡ | ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳᠴᠢᠯᠠᠯ ᠢᠶᠠᠷ | ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠪᠠᠭ᠎ᠠ ᠠᠴᠠ ᠭᠠᠷᠳᠠᠨ ᠪᠠᠶᠢᠴᠠᠭᠠᠨ ᠰᠤᠳᠤᠯᠤᠯᠲᠠ ᠬᠢᠵᠦ᠂ ᠪᠤᠲᠠᠲᠠᠢ | ᠰᠢᠢᠳᠪᠦᠷᠢᠯᠡᠬᠦ ᠠᠷᠭ᠎ᠠ ᠳᠤᠷᠠᠳᠤᠨ᠂ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ | ᠨᠡᠩ ᠰᠠᠶᠢᠨ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠲᠤᠰ ᠪᠡᠶ᠎ᠡ ᠶᠢᠨ ᠡᠩᠨᠡᠭᠡᠨ ᠤ ᠪᠠᠶᠢᠭᠤᠯᠤᠯᠲᠠ ᠪᠠᠨ | ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳᠴᠢᠯᠠᠭᠰᠠᠨ ᠨᠠᠮ ᠪᠦᠯᠦᠭ ᠲᠤ ᠳᠤᠷᠠᠳᠤᠭᠰᠠᠨ ︽ | ᠲᠦᠷᠪᠡᠨ ᠰᠢᠨ᠎ᠡ︾ ︽ᠭᠤᠷᠪᠠᠨ ᠰᠠᠶᠢᠨ︾ ᠵᠢᠴᠢ ︽ᠲᠠᠪᠤᠨ ᠵᠦᠢᠯ ᠤᠨ ᠴᠢᠳᠠᠪᠤᠷᠢ︾ ᠶᠢ ᠳᠡᠭᠡᠭᠰᠢᠯᠡᠭᠦᠯᠬᠦ | ᠴᠢᠬᠤᠯᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠦ᠂ ᠴᠢᠳᠠᠪᠤᠷᠢ ᠰᠤᠷᠲᠠᠯ ᠤᠨ ᠪᠠᠶᠢᠭᠤᠯᠤᠯᠲᠠ ᠶᠢ | ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠬᠤᠳᠠ ᠶᠢᠨ ᠨᠠᠮ ᠤᠨ ᠬᠤᠷᠢᠶ᠎ᠠ ᠥᠩᠭᠡᠷᠡᠭᠰᠡᠨ ᠲᠠᠢ ᠠᠳᠠᠯᠢ ᠪᠠᠷ | ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ | ᠪᠤᠰᠤ ᠬᠥᠮᠦᠰ ᠤᠨ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ᠂ ᠡᠭᠦᠷᠭᠡ ᠲᠤᠰᠢᠶᠠᠯ ᠢᠶᠠᠨ | ᠭᠦᠢᠴᠡᠳᠬᠡᠬᠦ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠭᠦᠨ᠎ᠡ ᠭᠡᠵᠡᠢ᠃ | ᠾᠧ ᠬᠠᠢ ᠳ᠋ᠦᠩ᠂ ᠯᠢ ᠵᠢᠶᠦ᠋ᠩ᠂ ᠼᠦᠢ ᠵᠧᠨ ᠡᠦ᠂ ᠼᠤᠤ ᡁᠢ᠂ ᠵᠤᠤ ᠶᠠᠨ ᠷᠤ᠋ ᠣᠷᠣᠯᠴᠠᠪᠠ᠃ |