︵ᠰᠤᠷᠪᠤᠯᠵᠢᠯᠠᠭᠴᠢ ᠶᠠᠩ ᠼᠠᠢ ᠰᠢᠶᠠ︶ 11 ᠳ᠋ᠦ᠋ᠭᠡᠷ ᠰᠠᠷ᠎ᠠ ᠶᠢᠨ 18 ᠠᠴᠠ 19 ᠤ ᠡᠳᠦᠷ᠂ ᠳᠤᠮᠳᠠᠳᠤ | ᠤᠯᠤᠰ ᠤᠨ ᠤᠯᠠᠨ ᠤᠯᠤᠰ ᠤᠨ ᠨᠥᠬᠦᠷᠰᠡᠭ ᠬᠤᠳᠠ ᠶᠢᠨ ᠶᠡᠭᠡ ᠬᠤᠷᠠᠯ ᠶᠦᠨᠨᠠᠨ ᠮᠤᠵᠢ ᠶᠢᠨ ᠺᠦᠨᠮᠢᠩ ᠬᠤᠳᠠ ᠳᠤ | ᠬᠤᠷᠠᠯᠳᠤᠵᠤ᠂ ᠶᠡᠭᠡ ᠬᠤᠷᠠᠯ ᠠᠴᠠ ᠤᠯᠠᠨ ᠤᠯᠤᠰ ᠤᠨ ᠨᠥᠬᠦᠷᠰᠡᠭ ᠬᠤᠳᠠ ᠶᠢᠨ ᠠᠵᠢᠯ ᠢ ᠭᠢᠯᠠᠷᠠᠭᠤᠯᠤᠮᠠ | ᠥᠷᠨᠢᠭᠦᠯᠦᠭᠰᠡᠨ ᠮᠤᠵᠢ ᠬᠤᠳᠠ ᠶᠢ ᠬᠥᠬᠢᠭᠦᠯᠦᠨ ᠰᠠᠶᠢᠰᠢᠶᠠᠪᠠ᠃ ᠬᠥᠬᠡᠬᠤᠲᠠ ︽ᠣᠯᠠᠨ ᠤᠯᠤᠰ ᠤᠨ ᠨᠥᠬᠦᠷᠰᠡᠭ | ᠬᠤᠲᠠ ᠶᠢᠨ ᠭᠠᠷᠮᠠᠭᠠᠶ ᠬᠤᠪᠢ ᠨᠡᠮᠡᠷᠢ ᠦᠵᠡᠭᠦᠯᠦᠭᠰᠡᠨ ᠱᠠᠩᠨᠠᠯ︾ ᠢ ᠬᠦᠷᠲᠡᠵᠡᠢ᠂ ᠲᠣᠰ ᠱᠠᠩᠨᠠᠯ ᠨᠢ ᠣᠯᠠᠨ | ᠤᠯᠤᠰ ᠤᠨ ᠨᠥᠬᠦᠷᠰᠡᠭ ᠬᠤᠲᠠ ᠶᠢᠨ ᠠᠵᠢᠯ ᠤᠨ ᠬᠠᠮᠤᠭ ᠤᠨ ᠳᠡᠭᠡᠳᠦ ᠱᠠᠩᠨᠠᠯ ᠪᠣᠯᠣᠨ᠎ᠠ᠂ ᠪᠥᠬᠦ ᠤᠯᠤᠰ ᠲᠤ | ᠨᠡᠶᠢᠲᠡ 10 ᠬᠤᠲᠠ ᠲᠤᠰ ᠱᠠᠩᠨᠠᠯ ᠢ ᠬᠦᠷᠲᠡᠪᠡ᠃ ᠲᠣᠰ ᠤᠳᠠᠭᠠᠨ ᠤ ᠱᠠᠩᠨᠠᠯ ᠨᠢ ᠬᠥᠬᠡᠬᠤᠲᠠ ᠶᠢᠨ ᠤᠯᠤᠰ ᠤᠨ | ᠶᠡᠷᠦᠩᠬᠡᠶ ᠭᠠᠳᠠᠭᠠᠳᠤ ᠬᠠᠷᠢᠯᠴᠠᠭ᠎ᠠ ᠳᠤ ᠦᠵᠡᠭᠦᠯᠦᠭᠰᠡᠨ ᠬᠤᠪᠢ ᠨᠡᠮᠡᠷᠢ ᠶᠢ ᠭᠦᠢᠴᠡᠳ ᠨᠤᠲᠠᠯᠠᠭᠰᠠᠨ ᠶᠠᠪᠤᠳᠠᠯ | ᠪᠣᠯᠤᠨ᠎ᠠ᠃ | 1987 ᠣᠨ ᠠᠴᠠ ᠣᠲᠣ ᠪᠣᠯᠲᠠᠯ᠎ᠠ᠂ ᠬᠥᠬᠡᠬᠤᠲᠠ ᠨᠢᠭᠡᠨᠲᠡ ᠶᠠᠫᠣᠨ ᠤ ᠭᠠᠩᠴᠢ ᠬᠤᠲᠠ᠂ ᠮᠣᠩᠭᠤᠯ | ᠤᠯᠤᠰ ᠤᠨ ᠤᠯᠠᠭᠠᠨᠪᠠᠭᠠᠲᠤᠷ ᠬᠤᠲᠠ᠂ ᠠᠮᠧᠷᠢᠺᠠ ᠶᠢᠨ ᠯᠤᠰ ᠠᠩᠵᠧᠯᠧᠰ ᠵᠢᠶᠦ᠋ᠨ ᠵᠡᠷᠭᠡ ᠭᠠᠳᠠᠭᠠᠳᠤ ᠶᠢᠨ 8 | ᠬᠤᠲᠠ ᠯᠤᠭ᠎ᠠ ᠨᠥᠬᠦᠷᠰᠡᠭ ᠬᠤᠲᠠ ᠶᠢᠨ ᠬᠠᠷᠢᠴᠠᠭ᠎ᠠ ᠪᠠᠶᠢᠭᠤᠯᠤᠭᠰᠠᠨ ᠪᠦᠭᠡᠳ 20 ᠭᠠᠷᠤᠶ ᠭᠠᠳᠠᠭᠠᠳᠤ ᠶᠢᠨ | ᠬᠤᠲᠠ ᠲᠠᠢ ᠲᠣᠭᠲᠠᠭᠤᠨ ᠰᠣᠯᠢᠯᠴᠠᠭ᠎ᠠ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠤᠭᠰᠠᠨ ᠪᠠᠶᠢᠨ᠎ᠠ᠃ | ᠣᠶᠢᠷ᠎ᠠ ᠶᠢᠨ ᠵᠢᠯ ᠳᠤ᠂ ᠬᠥᠬᠡᠬᠤᠲᠠ ᠭᠠᠳᠠᠭᠠᠳᠤ ᠬᠠᠷᠢᠯᠴᠠᠭᠠᠨ ᠳᠤ ᠰᠢᠭᠤᠷᠬᠠᠶ ᠤᠷᠤᠭᠰᠢᠯᠠᠨ᠂ ᠴᠢᠳᠠᠮᠠᠭᠠᠶ | ᠬᠢᠵᠦ ᠴᠢᠳᠠᠮᠠᠭᠠᠶ ᠪᠦᠲᠦᠭᠡᠵᠦ᠂ ᠨᠥᠬᠦᠷᠰᠡᠭ ᠬᠤᠲᠠ ᠶᠢᠨ ᠪᠠᠶᠢᠷᠢᠰᠢᠭᠤᠯᠤᠯᠲᠠ ᠦᠷᠭᠦᠯᠵᠢᠯᠡᠨ ᠰᠢᠯᠢᠳᠡᠭᠵᠢᠵᠦ᠂ | ᠰᠣᠯᠢᠯᠴᠠᠭᠠᠨ ᠤ ᠠᠷᠭ᠎ᠠ ᠵᠠᠮ ᠪᠥᠬᠦ ᠲᠠᠯ᠎ᠠ ᠪᠠᠷ ᠥᠷᠭᠡᠳᠴᠦ᠂ ᠬᠠᠮᠲᠤᠷᠠᠯᠴᠠᠭᠠᠨ ᠤ ᠲᠠᠪᠴᠠᠩ ᠲᠠᠰᠤᠷᠠᠯᠲᠠ ᠥᠬᠡᠶ | ᠳᠡᠭᠡᠭᠰᠢᠯᠡᠵᠦ᠂ ᠤᠯᠤᠰ ᠤᠨ ᠶᠡᠷᠦᠩᠬᠡᠶ ᠭᠠᠳᠠᠭᠠᠳᠤ ᠬᠠᠷᠢᠯᠴᠠᠭ᠎ᠠ ᠪᠠ ᠣᠷᠣᠨ ᠤ ᠲᠥᠪ ᠬᠤᠲᠠ ᠶᠢᠨ ᠴᠢᠨᠠᠷ ᠰᠠᠶᠢᠲᠠᠶ | ᠬᠥᠭᠵᠢᠯᠲᠡ ᠳᠤ ᠦᠢᠯᠡᠴᠢᠯᠡᠨ ᠢᠳᠡᠪᠬᠢᠲᠡᠶ ᠦᠷ᠎ᠡ ᠪᠦᠲᠦᠮᠵᠢ ᠤᠯᠪᠠ᠃ | ᠬᠥᠬᠡᠬᠤᠲᠠ ᠨᠥᠬᠦᠷᠰᠡᠭ ᠬᠤᠲᠠ ᠶᠢᠨ ᠠᠷᠠᠳ ᠤᠨ ᠬᠤᠭᠤᠷᠣᠨᠳᠣᠬᠢ ᠨᠥᠬᠦᠷᠰᠡᠭ ᠶᠠᠪᠤᠯᠴᠠᠭ᠎ᠠ ᠶᠢᠨ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠠᠨ ᠤᠯᠤᠰ ᠤᠨ ᠨᠥᠬᠦᠷᠰᠡᠭ ᠬᠤᠳᠠ ᠯᠤᠭ᠎ᠠ ᠭᠤᠣᠯᠳᠠᠯᠭ᠎ᠠ ᠲᠠᠢ | ᠰᠣᠯᠢᠯᠴᠠᠭᠠᠨ ᠤ ᠠᠵᠢᠯᠯᠠᠭ᠎ᠠ ᠵᠠᠭᠤ ᠭᠠᠷᠤᠢ ᠤᠳᠠᠭ᠎ᠠ ᠥᠷᠨᠢᠭᠦᠯᠵᠦ᠂ ᠨᠥᠬᠦᠷᠰᠡᠭ ᠬᠤᠳᠠ ᠶᠢᠨ ᠬᠤᠭᠤᠷᠣᠨᠳᠣᠬᠢ | ᠵᠠᠰᠠᠭ ᠤᠨ ᠣᠷᠳᠣᠨ ᠤ ᠬᠠᠷᠢᠯᠴᠠᠨ ᠠᠶᠢᠯᠴᠢᠯᠠᠬᠤ ᠪᠦᠯᠬᠦᠮ ᠮᠢᠩᠭ᠎ᠠ ᠭᠠᠷᠤᠢ ᠬᠥᠮᠦᠨ ᠤᠳᠠᠭ᠎ᠠ ᠳᠤ ᠬᠦᠷᠴᠦ᠂ | ᠠᠵᠤ ᠠᠬᠤᠢ ᠠᠷᠠᠯᠵᠢᠶ᠎ᠠ᠂ ᠰᠣᠶᠣᠯ ᠢᠷᠭᠡᠨᠰᠢᠯ ᠵᠡᠷᠭᠡ ᠬᠦᠷᠢᠶᠡᠨ ᠤ ᠨᠥᠬᠦᠷᠰᠡᠭ ᠬᠠᠮᠲᠤᠷᠠᠯᠴᠠᠭᠠᠨ ᠤ ᠰᠠᠨᠠᠮᠵᠢ | ᠪᠢᠴᠢᠭ᠂ ᠬᠡᠯᠡᠯᠴᠡᠭᠡᠷ ᠪᠢᠴᠢᠭ 50 ᠭᠠᠷᠤᠢ ᠬᠤᠪᠢ ᠲᠣᠭᠲᠠᠭᠰᠠᠨ ᠪᠦᠭᠡᠳ ᠲᠤᠮᠤ ᠬᠡᠯᠪᠡᠷᠢ ᠶᠢᠨ ᠤᠯᠠᠨ | ᠤᠯᠤᠰ ᠤᠨ ᠦᠵᠡᠰᠬᠦᠯᠡᠩ ᠵᠢᠴᠢ ᠶᠠᠷᠢᠶᠠᠨ ᠤ ᠲᠠᠪᠴᠠᠩ ᠵᠡᠷᠭᠡ ᠠᠵᠢᠯᠯᠠᠭᠠᠨ ᠳᠤ ᠭᠠᠷ ᠤᠨ ᠦᠰᠦᠭ ᠵᠢᠷᠤᠵᠤ᠂ | ᠤᠯᠠᠨ ᠤᠯᠤᠰ ᠤᠨ ᠨᠥᠬᠦᠷᠰᠡᠭ ᠬᠤᠳᠠ ᠶᠢᠨ ᠠᠵᠤ ᠠᠬᠤᠢ ᠠᠷᠠᠯᠵᠢᠶ᠎ᠠ᠂ ᠰᠣᠶᠣᠯ ᠵᠢᠭᠤᠯᠴᠢᠯᠠᠯ᠂ ᠡᠮ ᠡᠮᠨᠡᠯᠭᠡ᠂ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠤ ᠬᠠᠮᠲᠤᠷᠠᠯᠴᠠᠭᠠᠨ ᠤ ᠳᠠᠯᠳᠠ | ᠬᠦᠴᠦᠨ ᠢ ᠠᠭᠤᠳᠠᠯᠵᠤ᠂ ᠨᠥᠬᠦᠷᠰᠡᠭ ᠬᠤᠳᠠ ᠶᠢᠨ ᠰᠣᠯᠢᠯᠴᠠᠭᠠᠨ ᠤ ᠲᠡᠰ ᠳᠠᠪᠬᠤᠷᠭ᠎ᠠ ᠶᠢ ᠳᠡᠭᠡᠭᠰᠢᠯᠡᠭᠦᠯᠵᠦ᠂ | ᠨᠥᠬᠦᠷᠰᠡᠭ ᠬᠤᠳᠠ ᠶᠢᠨ ᠶᠠᠪᠤᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃ | ᠤᠯᠠᠨ ᠵᠢᠯ ᠤᠨ ᠲᠤᠷᠰᠢ᠂ ᠬᠥᠬᠡᠬᠤᠲᠠ ᠪᠣᠯᠤᠨ ᠡᠯ᠎ᠡ ᠨᠥᠬᠦᠷᠰᠡᠭ ᠬᠤᠳᠠ ᠶᠢᠨ ᠬᠢᠨ ᠰᠣᠶᠣᠯ | ᠢᠷᠭᠡᠨᠰᠢᠯ ᠤᠨ ᠬᠦᠷᠢᠶᠡᠨ ᠤ ᠨᠥᠬᠦᠷᠰᠡᠭ ᠰᠣᠯᠢᠯᠴᠠᠭ᠎ᠠ ᠶᠢ ᠢᠳᠡᠪᠬᠢᠲᠡᠢ ᠥᠷᠨᠢᠭᠦᠯᠵᠦ᠂ ᠡᠯᠪᠡᠭ ᠪᠠᠶᠠᠯᠢᠭ ᠦᠷ᠎ᠡ | ᠪᠦᠲᠦᠭᠡᠯ ᠤᠯᠪᠠ᠃ ᠵᠠᠯᠠᠭᠤᠴᠤᠳ ᠪᠠᠭᠠᠴᠤᠳ ᠢ ᠬᠠᠷᠢᠯᠴᠠᠨ ᠲᠣᠮᠢᠯᠠᠵᠤ ᠨᠥᠬᠦᠷᠰᠡᠭ ᠰᠣᠯᠢᠯᠴᠠᠭ᠎ᠠ ᠬᠢᠬᠦ ᠪᠦᠯᠬᠦᠮ | ᠳᠤᠭᠤᠶᠢᠯᠠᠩ ᠨᠢ ᠵᠠᠭᠤ ᠰᠢᠬᠠᠮ ᠪᠦᠯᠦᠭ ᠮᠢᠩᠭ᠎ᠠ ᠭᠠᠷᠤᠶ ᠬᠥᠮᠦᠨ ᠤᠳᠠᠭ᠎ᠠ ᠬᠦᠷᠴᠦ ᠂ ︽ᠬᠥᠬᠡᠬᠤᠲᠠ ᠶᠢᠨ | ᠣᠯᠠᠨ ᠤᠯᠤᠰ ᠤᠨ ᠵᠠᠯᠠᠭᠤᠴᠤᠳ ᠪᠠᠭᠠᠴᠤᠳ ᠤᠨ ᠨᠥᠬᠦᠷᠰᠡᠭ ᠬᠠᠷᠢᠯᠴᠠᠭ᠎ᠠ︾ ᠶᠢᠨ ᠨᠡᠷᠡᠲᠦ ᠲᠡᠮᠳᠡᠭ ᠢ ᠡᠭᠦᠳᠴᠦ᠂ | ᠨᠥᠬᠦᠷᠰᠡᠭ ᠬᠤᠲᠠ ᠶᠢᠨ ᠵᠠᠯᠠᠭᠤᠴᠤᠳ ᠪᠠᠭᠠᠴᠤᠳ ᠢ ᠬᠦᠬᠡᠬᠤᠲᠠ ᠳᠤ ᠤᠷᠢᠵᠤ ᠡᠯ᠎ᠡ ᠭᠠᠵᠠᠷ ᠤᠨ ᠬᠡᠦᠬᠡᠳ | ᠪᠠᠭᠠᠴᠤᠳ ᠬᠠᠷᠢᠯᠴᠠᠨ ᠲᠠᠨᠢᠯᠴᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠣᠶᠢᠯᠭᠠᠵᠤ᠂ ᠣᠷᠣᠨ ᠤ | ᠲᠥᠪ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠮᠡᠳᠡᠷᠡᠪᠡ᠃ ᠮᠠᠨ ᠤ ᠬᠤᠲᠠ ᠶᠢᠨ | ᠳᠤᠮᠳᠠᠳᠤ ᠰᠤᠷᠭᠠᠭᠤᠯᠢ ᠬᠢᠭᠡᠳ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ᠂ ᠣᠷᠣᠰ ᠤᠨ ᠫᠧᠯᠮ ᠬᠤᠲᠠ᠂ | ᠬᠠᠩᠭᠠᠷᠢ ᠶᠢᠨ ᠳ᠋ᠧᠪᠦᠯᠧᠰᠡᠨ ᠬᠤᠲᠠ ᠶᠢᠨ ᠳᠤᠮᠳᠠᠳᠤ ᠰᠤᠷᠭᠠᠭᠤᠯᠢ ᠨᠤᠭᠤᠳ ᠲᠠᠢ ᠲᠣᠰ ᠲᠣᠰ ᠰᠤᠷᠭᠠᠭᠤᠯᠢ ᠶᠢᠨ | ᠬᠤᠭᠤᠷᠣᠨᠳᠣᠬᠢ ᠨᠥᠬᠦᠷᠰᠡᠭ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠬᠤ ᠶᠢ ᠢᠳᠡᠪᠬᠢᠲᠡᠢ ᠠᠬᠢᠭᠤᠯᠵᠤ᠂ | ᠳᠤᠮᠳᠠᠳᠤ ᠶᠢᠨ ᠰᠣᠶᠣᠯ ᠢ ᠤᠯᠠᠮᠵᠢᠯᠠᠵᠤ᠂ ᠨᠥᠬᠦᠷᠯᠡᠯ ᠢ ᠵᠤᠵᠠᠭᠠᠳᠬᠠᠵᠠᠢ᠃ ᠳᠤᠮᠳᠠᠳᠤ ᠮᠣᠩᠭᠤᠯ ᠤᠨ ᠬᠠᠮᠲᠤᠪᠠᠷ | ᠪᠠᠶᠢᠭᠤᠯᠬᠤ ᠠᠺᠠᠳᠧᠮᠢᠴᠢ ᠶᠢᠨ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ ᠵᠡᠷᠭᠡ ᠲᠥᠷᠥᠯ ᠵᠦᠢᠯ ᠢ ᠠᠰᠢᠭᠯᠠᠨ | ᠂ ᠮᠠᠨ ᠤ ᠬᠤᠲᠠ ᠶᠢᠨ ᠮᠤᠩᠭᠤᠯ ᠡᠮ ᠡᠮᠨᠡᠯᠭᠡ ᠶᠢᠨ ᠬᠦᠭᠵᠢᠬᠦ ᠶᠢ ᠳᠡᠮᠵᠢᠪᠡ᠃ ᠮᠠᠨ ᠤ ᠬᠤᠲᠠ ᠪᠠ ᠮᠣᠩᠭᠤᠯ | ᠤᠯᠤᠰ᠂ ᠹᠢᠨᠯᠠᠨᠳ᠋ ᠵᠡᠷᠭᠡ ᠭᠠᠵᠠᠷ ᠲᠠᠢ ᠴᠡᠴᠡᠷᠯᠢᠭ ᠤᠨ ᠨᠣᠭᠤᠭᠠᠷᠠᠭᠤᠯᠤᠯᠲᠠ᠂ ᠦᠨᠳᠦᠰᠦᠨ ᠱᠠᠲᠤᠨ ᠤ ᠵᠠᠰᠠᠯᠲᠠ᠂ | ᠠᠵᠢᠯ ᠮᠡᠷᠭᠡᠵᠢᠯ ᠤᠨ ᠪᠣᠯᠪᠠᠰᠤᠷᠠᠯ᠂ ᠨᠠᠰᠤᠲᠠᠶᠢᠴᠤᠳ ᠤᠨ ᠶᠡᠭᠡ ᠰᠤᠷᠭᠠᠭᠤᠯᠢ᠂ ᠬᠡᠤᠬᠡᠳ ᠤᠨ ᠰᠤᠷᠭᠠᠨ ᠬᠥᠮᠦᠵᠢᠯ | ᠵᠡᠷᠭᠡ ᠬᠦᠷᠢᠶᠡᠨ ᠳᠠᠬᠢ ᠰᠤᠷᠪᠤᠯᠵᠢᠯᠠᠭ᠎ᠠ ᠪᠠ ᠰᠣᠯᠢᠯᠴᠠᠭ᠎ᠠ ᠶᠢ ᠥᠷᠨᠢᠭᠦᠯᠵᠦ᠂ ᠬᠠᠮᠲᠤᠷᠠᠯᠴᠠᠭᠠᠨ ᠤ ᠣᠷᠣᠨ ᠵᠠᠶ ᠶᠢ | ᠲᠠᠰᠤᠷᠠᠯᠲᠠ ᠦᠭᠡᠢ ᠦᠷᠭᠡᠳᠭᠡᠪᠡ᠃ | |