ᠪᠣᠣ ᠭᠠᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠶᠦᠨ ᠵᠢᠩ︶ 11 ᠳ᠋ᠦ᠋ᠭᠡᠷ ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ | ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ | ᠬᠤᠲᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ | ᠱᠦᠵᠢ ᠪᠦᠦ ᠭᠠᠩ ᠬᠤᠷᠠᠯ ᠢ ᠡᠷᠬᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠭᠤᠸᠠᠩᠳᠦ᠋ᠩ ᠤᠨ ᠵᠦᠬᠠᠢ | ᠬᠤᠳᠠ ᠶᠢᠨ ᠲᠡᠷᠭᠡ ᠵᠢᠯᠤᠭᠤᠳᠤᠨ ᠶᠠᠪᠠᠭᠠᠨ ᠬᠥᠮᠦᠨ ᠢ ᠳᠠᠭᠠᠷᠢᠭᠰᠠᠨ ᠬᠡᠷᠡᠭ ᠤᠨ ᠲᠤᠬᠠᠢ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠦᠨᠵᠡᠭᠡᠢ ᠰᠤᠷᠭᠠᠮᠵᠢ ᠠᠪᠴᠤ᠂ ᠠᠶᠤᠯ | ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢ | ᠣᠷᠣᠯᠠᠨ ᠭᠦᠢᠴᠡᠳᠬᠡᠬᠦ᠂ ᠲᠣᠣᠷᠵᠢᠭᠤᠯᠤᠨ ᠵᠠᠰᠠᠬᠤ᠂ 12345 ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ | ᠭᠦᠢᠴᠡᠳᠭᠡᠬᠦ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠵᠡᠷᠭᠡ ᠲᠣᠭᠲᠠᠴᠠ ᠶᠢ ᠰᠠᠶᠢᠲᠤᠷ ᠠᠰᠢᠭᠯᠠᠵᠤ᠂ | ᠤᠯᠠᠨ ᠲᠦᠮᠡᠨ ᠤ ᠬᠦᠴᠢᠷ ᠵᠣᠪᠠᠭᠤᠷᠢ ᠶᠢ ᠤᠨᠢᠨ ᠳᠡᠭᠡᠷ᠎ᠡ ᠨᠢ ᠪᠦᠲᠦᠮᠵᠢᠲᠡᠢ ᠰᠢᠢᠳᠪᠦᠷᠢᠯᠡᠵᠦ᠂ ᠵᠥᠷᠢᠴᠡᠯ | ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠭᠦᠨᠵᠡᠭᠡᠢ ᠨᠠᠷᠢᠨ ᠨᠢᠮᠪᠠᠢ ᠰᠠᠶᠢᠲᠤᠷ ᠬᠢᠵᠦ᠂ ᠭᠡᠮ | ᠰᠣᠭᠤᠭ ᠢ ᠬᠥᠳᠡᠯᠦᠩᠭᠦᠢ ᠪᠠᠷ ᠠᠷᠢᠯᠭᠠᠬᠤ ᠬᠡᠷᠡᠭᠲᠡᠢ᠃ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠠᠵᠢᠯ ᠤᠨ | ᠰᠡᠷᠭᠡᠭ ᠴᠢᠨᠠᠷ ᠤᠷᠢᠳᠴᠢᠯᠠᠯᠲᠤ ᠴᠢᠨᠠᠷ ᠪᠠᠷᠠᠭᠠᠯᠬᠢᠯᠠᠯᠳᠤ ᠴᠢᠨᠠᠷ ᠢ ᠴᠢᠩᠭᠠᠳᠬᠠᠵᠤ᠂ ᠨᠡᠶᠢᠭᠡᠮ ᠤᠨ ᠲᠠᠯ᠎ᠠ ᠶᠢᠨ ᠠᠮᠤᠷ | ᠲᠦᠪᠰᠢᠨ ᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠣᠷᠣᠨ ᠤ ᠲᠥᠪ ᠬᠤᠲᠠ ᠶᠢᠨ ᠠᠮᠤᠷ ᠲᠣᠭᠲᠠᠭᠤᠨ | ᠨᠡᠶᠢᠭᠡᠮ ᠤᠨ ᠣᠷᠴᠢᠨ ᠲᠣᠭᠤᠷᠢᠨ ᠢ ᠦᠨᠡᠨ ᠬᠦ ᠪᠤᠢ ᠪᠣᠯᠭᠠᠬᠤ ᠬᠡᠷᠡᠭᠲᠡᠢ ᠭᠡᠵᠡᠢ᠃ | ᠬᠤᠷᠠᠯ ᠠᠴᠠ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠬᠥᠮᠥᠨ | ᠠᠮᠠ ᠶᠢᠨ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠲᠤᠯᠭᠠᠭᠤᠷᠢᠯᠠᠶᠠ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠣᠷᠣᠨ ᠤ ᠲᠥᠪ ᠬᠤᠲᠠ ᠶᠢᠨ | ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠰᠢᠰᠲ᠋ᠧᠮ ᠲᠠᠢ ᠲᠥᠯᠥᠪᠵᠢᠭᠦᠯᠵᠦ᠂ ᠪᠦᠬᠦᠯᠢ ᠴᠣᠭᠴᠠ ᠪᠠᠷ | ᠠᠬᠢᠭᠤᠯᠵᠤ᠂ ᠦᠷᠭᠦᠯᠵᠢᠯᠡᠨ ᠠᠵᠤ ᠦᠢᠯᠡᠰ᠂ ᠰᠤᠷᠭᠠᠨ ᠬᠦᠮᠦᠵᠢᠯ ᠡᠮᠴᠢᠯᠡᠭᠡ ᠪᠠ ᠲᠤᠬᠢᠷᠠᠮᠵᠢᠲᠠᠢ ᠤᠷᠴᠢᠨ | ᠲᠤᠭᠤᠷᠢᠨ ᠢᠶᠠᠷ ᠬᠦᠮᠦᠰ ᠢ ᠨᠢᠭᠲᠠᠷᠠᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ | ᠪᠦᠷᠢᠨᠰᠢᠭᠦᠯᠵᠦ᠂ ᠢᠷᠡᠬᠦ ᠭᠤᠷᠪᠠᠨ ᠵᠢᠯ ᠳᠤ ︽ᠠᠷᠪᠠᠨ ᠲᠠᠪᠤᠨ ᠲᠦᠮᠡᠨ ᠵᠠᠯᠠᠭᠤᠴᠤᠳ ᠢ | ᠬᠥᠬᠡᠬᠤᠲᠠ ᠳᠤ ᠦᠯᠡᠳᠡᠭᠡᠬᠦ ᠠᠵᠢᠯᠯᠠᠭ᠎ᠠ︾ ᠶᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠡᠷᠦᠬᠡ ᠠᠮᠠ | ᠣᠷᠣᠭᠤᠯᠬᠤ᠂ ᠰᠤᠷᠭᠠᠭᠤᠯᠢ ᠳᠤ ᠣᠷᠣᠬᠤ᠂ ᠡᠪᠡᠳᠴᠢᠨ ᠦᠵᠡᠭᠦᠯᠬᠦ᠂ ᠠᠵᠢᠯ ᠣᠯᠬᠤ ᠵᠡᠷᠭᠡ ᠲᠠᠯ᠎ᠠ ᠶᠢᠨ ᠢᠵᠢ | ᠪᠦᠷᠢᠳᠦᠭᠦᠯᠬᠦ ᠦᠢᠯᠡᠴᠢᠯᠡᠭᠡ ᠶᠢ ᠨᠢᠭᠡᠳᠦᠯᠲᠡᠶ ᠲᠥᠯᠥᠪᠯᠡᠨ᠂ ᠬᠥᠩᠭᠡᠵᠢᠬᠦ᠂ ᠥᠰᠬᠡᠨ ᠪᠤᠶᠢᠵᠢᠭᠤᠯᠬᠤ᠂ ᠰᠤᠷᠭᠠᠨ | ᠬᠥᠮᠦᠵᠢᠯ ᠤᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠣᠷᠣᠨ ᠤ ᠲᠥᠪ ᠬᠤᠲᠠ ᠶᠢᠨ ᠬᠥᠮᠦᠨ | ᠠᠮᠠ ᠶᠢᠨ ᠰᠢᠩᠭᠡᠭᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠮᠠᠨ ᠤ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠪᠠ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠰᠤᠷᠭᠠᠭᠤᠯᠢ ᠶᠢᠨ ᠬᠦᠷᠢᠶ᠎ᠡ᠂ ᠦᠵᠡᠮᠵᠢ ᠶᠢᠨ ᠣᠷᠣᠨ᠂ ᠠᠷᠠᠳ ᠲᠤ ᠲᠥᠬᠦᠮ | ᠦᠵᠡᠭᠦᠯᠬᠦ ᠵᠠᠬ᠎ᠠ ᠳᠡᠯᠭᠡᠭᠦᠷ᠂ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ ᠵᠡᠷᠭᠡ ᠭᠤᠤᠯᠳᠠᠯᠭ᠎ᠠ ᠲᠠᠢ | ᠲᠠᠯᠠᠪᠤᠷ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ︽ᠬᠤᠶᠠᠷ ᠦᠢᠯᠡᠳᠬᠦᠨ ᠨᠢᠭᠡ ᠬᠡᠷᠡᠭᠰᠡᠯ︾ ᠤᠨ | ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠨᠢᠭᠡᠳᠦᠯᠲᠡᠶ ᠲᠥᠯᠥᠪᠯᠡᠨ ᠴᠢᠩᠭᠠᠷᠠᠭᠤᠯᠵᠤ᠂ ᠥᠴᠥᠬᠡᠨ | ᠴᠦ ᠠᠭᠤᠴᠢᠯᠠᠬᠤ ᠥᠬᠡᠶ ᠣᠪᠣᠷ ᠢᠶᠠᠷ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠬᠤᠬᠢᠷᠠᠭᠤᠯᠤᠭᠰᠠᠨ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ | ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠲᠠ ᠪᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠶᠢ ᠲᠦᠷᠭᠡᠳᠬᠡᠵᠦ᠂ ᠮᠠᠨ ᠤ | ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠭᠦᠬᠦ ᠲᠢᠩᠬᠢᠮ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ᠂ | ᠬᠤᠳᠠᠯᠳᠤᠭᠠᠨ ᠤ ᠲᠡᠮᠳᠡᠭ ᠪᠠ ᠰᠢᠨ᠎ᠡ ᠪᠠᠷ ᠬᠥᠭᠵᠢᠭᠰᠡᠨ ᠬᠦᠷᠢᠶᠡᠨ ᠳᠠᠬᠢ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ | ᠠᠮᠢᠵᠢᠷᠠᠯ ᠤᠨ ᠬᠦᠴᠦᠨ ᠢ ᠬᠥᠭᠵᠢᠭᠡᠵᠦ᠂ ᠬᠠᠤᠯᠢᠵᠢᠭᠰᠠᠨ᠂ ᠳᠡᠯᠡᠬᠡᠶᠢᠵᠢᠭᠰᠡᠨ ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠡᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠥᠬᠦ ᠬᠤᠲᠠ ᠶᠢᠨ ᠡᠮᠴᠢᠯᠡᠭᠡᠨ ᠤ ᠡᠬᠢ ᠪᠠᠶᠠᠯᠢᠭ ᠤᠨ ᠪᠠᠶᠢᠷᠢᠰᠢᠭᠤᠯᠤᠯᠲᠠ᠂ | ᠭᠤᠤᠯᠳᠠᠯᠭ᠎ᠠ ᠲᠠᠢ ᠡᠮᠴᠢᠯᠡᠭᠡᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠵᠢᠴᠢ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠢ ᠰᠣᠨᠣᠰᠴᠤ᠂ | ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠤᠯᠤᠰ ᠤᠨ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠬᠢᠭᠡᠳ ᠴᠢᠨᠠᠷ ᠰᠠᠶᠢᠲᠠᠶ | ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠯᠠᠪᠳᠠᠭᠤᠨ ᠪᠠᠲᠤᠲᠠᠶ ᠠᠬᠢᠭᠤᠯᠵᠤ᠂ ᠤᠨᠴᠠᠯᠢᠬᠳᠤ | ᠲᠤᠰᠬᠠᠶ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ ᠬᠦᠴᠦᠷᠬᠡᠭᠵᠢᠭᠦᠯᠵᠦ᠂ ᠡᠮᠴᠢᠯᠡᠭᠡᠨ ᠤ ᠬᠤᠯᠪᠣᠭᠠᠲᠤ ᠴᠣᠭᠴᠠ ᠶᠢᠨ | ᠪᠠᠶᠢᠭᠤᠯᠤᠯᠲᠠ ᠶᠢ ᠴᠢᠩᠭᠠᠳᠬᠠᠨ᠂ ᠬᠤᠲᠠ ᠶᠢᠨ ᠬᠡᠪᠴᠢᠶᠡᠨ ᠳᠠᠬᠢ ᠡᠮᠴᠢᠯᠡᠭᠡᠨ ᠤ ᠡᠬᠢ ᠪᠠᠶᠠᠯᠢᠭ ᠤᠨ ᠴᠢᠳᠠᠮᠵᠢ ᠶᠢ | ᠬᠠᠷᠢᠯᠴᠠᠨ ᠨᠥᠬᠦᠪᠥᠷᠢᠯᠡᠬᠦ᠂ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠡᠶᠡᠯᠡᠭᠦᠯᠵᠦ᠂ ᠴᠢᠨᠠᠷ ᠰᠠᠶᠢᠲᠠᠶ | ᠡᠮᠴᠢᠯᠡᠭᠡᠨ ᠤ ᠡᠬᠢ ᠪᠠᠶᠠᠯᠢᠭ ᠤᠨ ᠬᠠᠩᠭᠠᠯᠭ᠎ᠠ ᠶᠢ ᠦᠷᠭᠦᠯᠵᠢᠯᠡᠨ ᠥᠷᠭᠡᠳᠬᠡᠬᠦ ᠬᠡᠷᠡᠭᠲᠡᠶ᠃ ᠡᠮᠴᠢᠯᠡᠭᠡᠨ ᠤ | ᠳᠠᠭᠠᠳᠬᠠᠯ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠵᠢᠷᠤᠮᠵᠢᠯ ᠲᠠᠢ | ᠬᠡᠷᠡᠭᠯᠡᠬᠦ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠵᠠᠢ᠃ | |