ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ | ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠢᠨ ᠲᠥᠯᠥᠭᠡ᠂ 11 ᠰᠠᠷ᠎ᠠ ᠶᠢᠨ 20 ᠤ ᠡᠳᠦᠷ᠂ ᠰᠢᠨ᠎ᠡ | ᠬᠤᠳᠠ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠴᠢᠩ | ᠱᠦᠢ ᠾᠧ ᠰᠢᠶᠠᠨ ᠳᠤ ᠬᠦᠷᠴᠦ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ | ᠤᠨ ᠪᠦᠲᠦᠭᠡᠨ ᠪᠠᠶᠢᠭᠤᠯᠤᠯᠲᠠ ᠵᠢᠴᠢ ᠲᠠᠷᠢᠶᠠᠯᠠᠩ ᠤᠨ ᠰᠣᠶᠣᠯ ᠵᠢᠭᠤᠯᠴᠢᠯᠠᠯ ᠤᠨ ᠠᠵᠢᠯ ᠳᠤ ᠪᠠᠶᠢᠴᠠᠭᠠᠨ | ᠰᠤᠳᠤᠯᠤᠯᠲᠠ ᠬᠢᠵᠡᠢ᠃ | ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠯᠣᠤ ᠨᠢᠦ ᠸᠠᠨ ᠬᠠᠲᠤᠨ ᠭᠤᠣᠯ ᠤᠨ ᠶᠡᠭᠡ | ᠬᠠᠪᠴᠢᠯ ᠤᠨ ᠵᠢᠭᠤᠯᠴᠢᠯᠠᠯ ᠤᠨ ᠣᠷᠣᠨ᠂ ᠶᠣᠣ ᠭᠧᠦ ᠰᠢᠶᠠᠩ ᠤᠨ ︽ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠭᠡᠷ︾᠂ ᠴᠢᠩ ᠱᠦᠢ ᠾᠧ ᠰᠢᠶᠠᠨ ᠤ ᠮᠦᠽᠧᠢ᠂ ᠴᠢᠩ ᠱᠦᠢ ᠾᠧ ᠰᠢᠶᠠᠨ ᠤ | ᠾᠦᠨ ᠾᠧ ᠭᠤᠣᠯ ᠤᠨ ᠲᠠᠩ ᠤᠨ ᠲᠥᠬᠦᠭᠡᠷᠦᠮᠵᠢᠲᠦ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ | ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ | ᠶᠢᠨ ᠪᠦᠲᠦᠭᠡᠨ ᠪᠠᠶᠢᠭᠤᠯᠵᠤ ᠬᠡᠷᠡᠭᠯᠡᠭᠰᠡᠨ ᠵᠢᠴᠢ ᠲᠠᠷᠢᠶᠠᠯᠠᠩ ᠤᠨ ᠰᠣᠶᠣᠯ ᠵᠢᠭᠤᠯᠴᠢᠯᠠᠯ ᠤᠨ ᠠᠵᠢᠯ ᠢ | ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠵᠤ᠂ ᠣᠯᠣᠭᠰᠠᠨ ᠦᠷ᠎ᠡ ᠪᠦᠲᠦᠭᠡᠯ ᠢ ᠭᠦᠢᠴᠡᠳ ᠨᠤᠲᠠᠯᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ︽ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠪᠣᠯ ᠦᠨᠳᠦᠰᠦᠨ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠠᠬᠢᠵᠢᠭᠦᠯᠬᠦ᠂ ᠲᠥᠯᠥᠭᠡᠯᠡᠭᠴᠢ ᠶᠢᠨ | ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠬᠤ ᠪᠦᠲᠦᠮᠵᠢᠲᠡᠢ ᠭᠠᠷᠳᠠᠴᠠ ᠮᠥᠨ᠂ ᠬᠠᠮᠤᠷᠬᠤ ᠬᠡᠪᠴᠢᠶ᠎ᠡ ᠶᠢ | ᠲᠠᠰᠤᠷᠠᠯᠲᠠ ᠦᠭᠡᠢ ᠥᠷᠭᠡᠳᠬᠡᠵᠦ᠂ ᠠᠵᠢᠯᠯᠠᠭᠠᠨ ᠤ ᠬᠡᠯᠪᠡᠷᠢ ᠶᠢ ᠪᠠᠶᠠᠯᠢᠭᠵᠢᠭᠤᠯᠤᠨ᠂ ᠲᠥᠯᠥᠭᠡᠯᠡᠭᠴᠢᠳ ᠢᠶᠠᠷ | ᠦᠢᠯᠡᠴᠢᠯᠡᠭᠡᠨ ᠤ ᠲᠥᠪ᠂ ᠨᠡᠶᠢᠭᠡᠮ ᠳᠤ ᠦᠢᠯᠡᠴᠢᠯᠡᠬᠦ᠂ ᠤᠯᠠᠨ ᠲᠦᠮᠡᠨ ᠳᠤ ᠦᠢᠯᠡᠴᠢᠯᠡᠬᠦ ᠳᠤᠮᠳᠠ ᠠᠷᠠᠳ | ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠠᠵᠤ ᠠᠬᠤᠢ ᠶᠢᠨ ᠬᠥᠭᠵᠢᠯᠲᠡ ᠳᠤ ᠬᠦᠴᠦᠨ | ᠨᠡᠮᠡᠷᠢᠯᠡᠬᠦ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠣᠨᠴᠠᠯᠢᠭᠲᠤ ᠠᠵᠤ ᠦᠢᠯᠡᠰ᠂ | ᠬᠥᠳᠡᠭᠡ ᠲᠣᠰᠬᠤᠨ ᠤ ᠵᠢᠭᠤᠯᠴᠢᠯᠠᠯ᠂ ᠠᠮᠢ ᠠᠬᠤᠢ ᠶᠢᠨ ᠲᠠᠷᠢᠶᠠᠯᠠᠩ ᠢ ᠨᠢᠭᠡ ᠴᠣᠭᠴᠠᠵᠢᠭᠤᠯᠤᠭᠰᠠᠨ ᠬᠥᠳᠡᠭᠡ | ᠠᠵᠤ ᠠᠬᠤᠢ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠠᠵᠤ ᠦᠢᠯᠡᠰ ᠤᠨ ᠰᠢᠰᠲ᠋ᠧᠮ ᠢ | ᠲᠦᠷᠭᠡᠳᠬᠡᠨ ᠪᠠᠶᠢᠭᠤᠯᠬᠤ ᠬᠡᠷᠡᠭᠲᠡᠢ᠃ ᠠᠵᠤ ᠦᠢᠯᠡᠰ ᠢᠶᠠᠷ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠥᠨᠳᠥᠷ | ᠪᠠᠷᠢᠮᠵᠢᠶ᠎ᠠ ᠪᠠᠷ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠠᠵᠤ ᠦᠢᠯᠡᠰ ᠤᠨ ᠡᠵᠡᠩᠨᠡᠯᠲᠡ ᠶᠢᠨ ᠬᠡᠯᠪᠡᠷᠢ ᠶᠢ | ᠲᠠᠰᠤᠷᠠᠯᠳᠠ ᠦᠭᠡᠢ ᠪᠠᠶᠠᠯᠢᠭᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠠᠷᠠᠳ ᠤᠨ ᠣᠷᠣᠨ | ᠰᠠᠭᠤᠴᠠ᠂ ᠰᠤᠳᠤᠯᠤᠨ ᠰᠤᠷᠤᠯᠴᠠᠬᠤ ᠵᠤᠭᠠᠴᠠᠯ ᠵᠡᠷᠭᠡ ᠵᠤᠭᠠᠴᠠᠯ ᠤᠨ ᠰᠢᠨ᠎ᠡ ᠵᠠᠭᠪᠤᠷ ᠢ ᠶᠡᠬᠡᠪᠡᠷ ᠠᠭᠤᠳᠠᠯᠵᠤ᠂ | ᠬᠥᠳᠡᠭᠡ ᠠᠵᠤ ᠠᠬᠤᠢ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠪᠠᠷ ᠬᠥᠳᠡᠭᠡ ᠲᠣᠰᠬᠤᠨ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ | |